ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 18 ᠳ᠋ᠤᠭᠠᠷ ᠤᠳᠠᠭᠠᠨ ᠤ ᠬᠤᠷᠠᠯ ᠬᠤᠷᠠᠯᠳᠣᠬᠰᠠᠨ
ᠨᠡᠶᠢᠲᠡᠯᠡᠭᠰᠡᠨ ᠴᠠᠭ᠄
2020-07-31
                                       ᠤᠷᠢᠬᠠᠨ   ᠰᠢᠨᠵᠢᠯᠳᠦ ᠮᠡᠳᠡᠭᠡᠯᠡᠪᠡ        7 ᠰᠠᠷ᠎ᠠ ᠶᠢᠨ 29 ᠤ ᠡᠳᠦᠷ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 18 ᠳ᠋ᠤᠭᠠᠷ ᠤᠳᠠᠭᠠᠨ ᠤ ᠬᠤᠷᠠᠯ ᠬᠤᠷᠠᠯᠳᠣᠵᠠᠢ᠃        ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠳᠤ 27 ᠬᠥᠮᠦᠨ᠂ ᠲᠣᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠳᠠᠢ 27 ᠬᠥᠮᠦᠨ᠂ ᠪᠤᠳᠠᠳᠠᠢ ᠤᠷᠤᠯᠴᠠᠭᠰᠡᠨ ᠨᠢ 22 ᠬᠥᠮᠦᠨ ᠪᠠᠶᠢᠵᠦ᠂ ᠬᠠᠤᠯᠢ ᠳᠤ ᠲᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃          ᠬᠤᠷᠠᠯ ᠢᠶᠠᠷ᠂ ᠺᠠᠳ᠋ᠷ ᠢ  ᠲᠣᠰᠢᠶᠠᠯ ᠳᠤ ᠲᠣᠮᠢᠯᠠᠬᠤ ᠪᠠ ᠲᠣᠰᠢᠶᠠᠯ ᠠᠴᠠ ᠪᠠᠭᠤᠯᠭᠠᠬᠤ ᠰᠢᠢᠳᠪᠦᠷᠢ ᠶᠢ ᠪᠠᠳᠣᠯᠠᠵᠦ᠂ ᠭᠦᠸᠧ ᠺᠤᠸᠠᠨ ᠾᠧᠦ ᠨᠥᠬᠦᠷ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠷ ᠨᠢᠭᠡ ᠵᠢᠯ ᠤᠨ ᠬᠤᠭᠤᠴᠠᠭ᠎ᠠ ᠲᠠᠢ ᠲᠣᠰᠢᠶᠠᠯ ᠳᠤ ᠲᠣᠮᠢᠯᠠᠵᠦ᠂ ᠴᠤᠯᠮᠤᠨ ᠨᠥᠬᠦᠷ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠳᠤ ᠲᠣᠮᠢᠯᠠᠵᠦ᠂ ᠪᠤᠯᠤᠳᠪᠠᠭᠠᠳᠦᠷ ᠨᠥᠬᠦᠷ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠳᠤ ᠲᠣᠮᠢᠯᠠᠪᠠ᠃       ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠷᠢᠭᠳᠦ ᠠᠴᠠ ᠲᠣᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠲᠣᠰᠢᠶᠠᠯ ᠳᠤ ᠲᠣᠮᠢᠯᠠᠭᠳᠠᠭᠰᠠᠨ ᠨᠦᠭᠦᠳ ᠠᠴᠠ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠭᠡᠵᠡᠢ᠃       ᠬᠤᠷᠠᠯ ᠢᠶᠠᠷ᠂ ︽ᠬᠥᠪᠡᠭᠡᠲᠦ ᠰᠢᠷ᠎ᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠯᠭᠡᠬᠦ ᠪᠠᠷ ᠳᠡᠪᠰᠢᠭᠦᠯᠦᠭᠰᠡᠨ ᠲᠤᠬᠠᠶ ᠭᠤᠶᠤᠴᠢᠯᠠᠯ ᠤᠨ ᠮᠡᠳᠡᠭᠦᠯᠦᠯᠲᠡ︾ ᠪᠠ ︽ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠳᠤ ᠭᠡᠷᠡᠭᠵᠢᠬᠦᠯᠬᠦ ᠭᠤᠤᠯᠳᠠᠯᠭ᠎ᠠ ᠲᠠᠢ ᠲᠦᠷᠦᠯ ᠵᠦᠢᠯ ᠤᠨ ᠲᠤᠬᠠᠢ ᠬᠢᠨᠠᠨ ᠵᠦᠪᠯᠡᠬᠦ ᠰᠠᠨᠠᠯ︾ ᠢ ᠬᠢᠨᠠᠨ ᠪᠠᠳᠤᠯᠠᠭᠰᠡᠨ ᠪᠠᠶᠢᠨ᠎ᠠ᠃    
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号