ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠬᠢᠨ ᠪᠣᠰᠣᠳ ᠭᠠᠵᠠᠷ ᠣᠷᠣᠨ ᠤ ᠲᠡᠷᠢᠭᠦᠨ ᠤ ᠲᠣᠷᠰᠢᠯᠭ᠎ᠠ ᠶᠢ ᠰᠤᠷᠤᠯᠴᠠᠵᠠᠢ
ᠨᠡᠶᠢᠲᠡᠯᠡᠭᠰᠡᠨ ᠴᠠᠭ᠄
2020-07-31
                                     7 ᠰᠠᠷ᠎ᠠ ᠶᠢᠨ 23 ᠠᠴᠠ 25 ᠤ ᠡᠳᠦᠷ ᠪᠣᠯᠳᠠᠯ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠦᠪ  ᠤᠨ ᠭᠡᠰᠡᠭ ᠰᠣᠷᠪᠣᠯᠵᠢᠯᠠᠬᠴᠢ᠂ ᠨᠠᠶᠢᠷᠠᠭᠤᠯᠣᠬᠴᠢ᠂ ᠨᠡᠪᠳᠡᠷᠡᠭᠦᠯᠦᠭᠴᠢ ᠪᠠᠷ ᠪᠦᠷᠢᠯᠳᠦᠭᠰᠡᠨ ᠲᠣᠭᠤᠷᠢᠨ ᠰᠣᠷᠣᠯᠴᠠᠬᠤ ᠲᠣᠭᠤᠶᠢᠯᠠᠩ ᠨᠢ ᠪᠠᠷᠠᠭᠤᠨ ᠦᠵᠦᠮᠦᠴᠢᠨ ᠬᠤᠰᠢᠭᠤ᠂ ᠰᠢᠯᠢᠩᠬᠤᠳᠠ᠂ ᠰᠦᠨᠢᠳ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠢᠶᠠᠷ ᠭᠦᠷᠴᠣ᠂ ᠪᠣᠰᠣᠳ ᠭᠠᠵᠠᠷ ᠤᠨ ᠲᠡᠷᠢᠭᠦᠨ ᠤ ᠠᠷᠭ᠎ᠠ ᠪᠠᠷᠢᠯ ᠢ ᠰᠣᠷᠣᠯᠴᠠᠨ᠂ ᠬᠠᠷᠢᠯᠴᠠᠨ ᠲᠣᠷᠰᠢᠯᠭ᠎ᠠ ᠪᠠᠨ ᠰᠣᠯᠢᠯᠴᠠᠵᠠᠢ᠃        ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠲᠣᠨᠤᠭ ᠲᠦᠭᠦᠭᠡᠷᠦᠮᠵᠢ᠂ ᠮᠡᠷᠭᠡᠵᠢᠯ ᠵᠡᠷᠭᠡ ᠣᠯᠠᠨ ᠲᠠᠯ᠎ᠠ ᠪᠠᠷ ᠮᠠᠨ ᠤ ᠠᠶᠢᠮᠠᠭ ᠲᠠᠭᠠᠨ ᠣᠷᠣᠶᠢᠯᠠᠵᠦ ᠪᠠᠶᠢᠭ᠎ᠠ ᠬᠤᠰᠢᠭᠤ ᠰᠢᠶᠠᠨ ᠤ ᠨᠢᠭᠡ ᠪᠣᠯᠣᠨ᠎ᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠲᠣᠭᠤᠷᠢᠨ ᠰᠣᠷᠣᠯᠴᠠᠬᠤ ᠲᠣᠭᠤᠶᠢᠯᠠᠩ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠢᠶᠠᠷ ᠭᠦᠷᠴᠣ᠂ ᠡᠯ᠎ᠡ ᠰᠠᠯᠠᠭ᠎ᠠ ᠲᠠᠰᠤᠭ  ᠢᠶᠠᠷ ᠲᠣᠭᠤᠷᠢᠨ ᠦᠵᠡᠵᠦ᠂ ᠰᠢᠨ᠎ᠡ ᠵᠠᠭᠤᠴᠢᠯᠠᠭᠤᠷ᠂ ᠣᠯᠠᠮᠵᠢᠯᠠᠯᠳᠣ ᠵᠠᠭᠤᠴᠢᠯᠠᠭᠤᠷ ᠢ ᠠᠭᠤᠰᠣᠯᠴᠠᠭᠤᠯᠣᠨ ᠠᠰᠢᠬᠠᠯᠵᠦ ᠪᠠᠶᠢᠭ᠎ᠠ ᠪᠠᠶᠢᠳᠠᠯ ᠤᠨ ᠲᠣᠬᠠᠢ ᠨᠠᠷᠢᠨ ᠣᠶᠢᠯᠠᠭᠠᠨ᠂ ᠰᠢᠨ᠎ᠡ ᠴᠠᠭ ᠡᠷᠡᠨ ᠤ ᠱᠠᠭᠠᠷᠳᠠᠯᠭ᠎ᠠ ᠳᠤ ᠵᠤᠬᠢᠴᠠᠭᠤᠯᠤᠨ ᠬᠠᠮ ᠵᠠᠭᠤᠴᠢᠯᠠᠭᠤᠷ ᠤᠨ ᠲᠦᠪ ᠢᠶᠠᠨ ᠨᠡᠩ ᠰᠠᠶᠢᠳᠤᠷ ᠪᠦᠲᠦᠭᠡᠨ ᠪᠠᠶᠢᠭᠤᠯᠬᠤ ᠲᠣᠬᠠᠢ ᠬᠠᠷᠢᠯᠴᠠᠨ ᠰᠠᠨᠠᠯ ᠪᠣᠳᠣᠯ ᠢᠶᠠᠨ ᠰᠣᠯᠢᠯᠴᠠᠵᠠᠢ᠃        ᠲᠣᠭᠤᠷᠢᠨ ᠰᠣᠷᠣᠯᠴᠠᠬᠤ ᠪᠦᠯᠭᠦᠮ ᠤᠨ ᠬᠢᠨ ᠰᠢᠯᠢᠩᠬᠤᠳᠠ ᠶᠢᠨ ᠬᠠᠮ ᠵᠠᠭᠤᠴᠢᠯᠠᠭᠤᠷ ᠤᠨ ᠲᠦᠪ᠂ ᠰᠦᠨᠢᠳ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠢᠶᠠᠷ ᠲᠣᠭᠤᠷᠢᠨ ᠰᠤᠷᠤᠯᠴᠠᠵᠤ᠂ ᠬᠠᠮ ᠵᠠᠭᠤᠴᠢᠯᠠᠭᠤᠷ ᠤᠨ ᠬᠦᠭᠵᠢᠯᠲᠡ ᠶᠢᠨ ᠬᠠᠨᠳᠤᠰᠢ᠂ ᠤᠳᠤᠬᠢ ᠪᠠᠶᠢᠳᠠᠯ᠂ ᠢᠷᠡᠭᠡᠳᠦᠢ ᠶᠢᠨ ᠳᠦᠰᠦᠪ ᠤᠨ ᠳᠤᠬᠠᠢ ᠶᠠᠷᠢᠯᠴᠠᠨ᠂ ᠤᠯᠠᠨ ᠢᠶᠠᠷ ᠢᠶᠠᠨ ︽ᠨᠡᠶᠢᠭᠡᠮ ᠤᠨ ᠬᠦᠭᠵᠢᠯᠲᠡ ᠶᠢ ᠳᠠᠭᠠᠯᠳᠤᠨ ᠰᠤᠨᠢᠨ ᠮᠡᠳᠡᠭᠡ ᠶᠢ ᠳᠠᠷᠬᠠᠭᠠᠬᠤ ᠠᠷᠭ᠎ᠠ ᠪᠠᠷᠢᠯ ᠪᠠᠶᠠᠯᠢᠭᠵᠢᠨ᠂ ᠮᠡᠳᠡᠭᠡ ᠶᠢ ᠳᠠᠮᠵᠢᠭᠤᠯᠬᠤ ᠴᠠᠭ ᠨᠢ ᠤᠯᠠᠮ ᠬᠤᠷᠳᠤᠨ ᠪᠤᠯᠤᠭᠰᠠᠨ ᠠᠴᠠ ᠦᠷᠭᠡᠨ ᠤᠯᠠᠨ ᠰᠤᠨᠢᠨ ᠮᠡᠳᠡᠭᠡᠨ ᠤ ᠠᠵᠢᠯᠲᠠᠨ ᠨᠢ ᠡᠬᠡ ᠪᠢᠴᠢᠭ ᠤᠨ ᠴᠢᠨᠠᠷ ᠴᠢᠨᠰᠠᠭ᠎ᠠ᠂ ᠴᠠᠭᠴᠢ ᠴᠢᠨᠠᠷ ᠪᠤᠯᠤᠨ ᠤᠨᠤᠪᠴᠢᠲᠠᠢ ᠴᠢᠨᠠᠷ ᠢ ᠡᠵᠡᠮᠳᠡᠬᠦ ᠠᠴᠠ ᠭᠠᠳᠠᠨ᠎ᠠ ᠢᠳᠡᠪᠭᠢᠳᠡᠢ ᠪᠠᠷ ᠰᠢᠨ᠎ᠡ ᠶᠢ ᠡᠭᠦᠳᠴᠦ᠂ ᠨᠡᠩ ᠤᠯᠠᠨ ᠰᠢᠯᠢᠳᠡᠭ ᠪᠦᠲᠦᠬᠡᠯ ᠢ ᠲᠤᠭᠤᠷᠪᠢᠬᠤ ᠪᠠᠷ ᠴᠢᠷᠮᠠᠶᠢᠪᠠᠯ ᠵᠤᠬᠢᠨ᠎ᠠ ᠭᠡᠵᠤ ᠰᠠᠨᠠᠯ ᠨᠢᠭᠡᠲᠠᠢ ᠦᠵᠡᠪᠡ᠃ ᠲᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠬᠢᠨ ᠨᠢ ᠬᠤᠶᠢᠰᠢᠳᠠ ᠶᠢᠨ ᠠᠵᠢᠯ  ᠢᠶᠠᠨ ᠨᠡᠩ ᠦᠨᠳᠦᠷ ᠲᠦᠪᠰᠢᠨ ᠳᠤ ᠭᠦᠷᠭᠡᠭᠦ ᠳᠤ ᠨᠠᠨᠳᠢᠨ ᠲᠣᠷᠰᠢᠯᠭ᠎ᠠ ᠬᠤᠷᠠᠮᠳᠣᠭᠤᠯᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号