ᠮᠠᠨ ᠤ ᠬᠤᠰᠢᠭᠤ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠰᠤᠳᠤᠯᠤᠨ ᠶᠠᠷᠢᠯᠴᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-31
                                                                                   ᠦᠨᠢᠷ ᠮᠡᠳᠡᠭᠡᠯᠡᠪᠠ         ᠪᠦᠭᠦ ᠬᠤᠰᠢᠭᠤᠨ ᠤ ᠨᠣᠳᠤᠭ ᠪᠡᠯᠴᠢᠭᠡᠷ ᠤᠨ ᠵᠢᠭᠤᠷᠠᠯᠳᠤᠭᠠᠨ ᠢ ᠵᠣᠭᠢᠰᠳᠡᠢ ᠰᠢᠢᠳᠪᠤᠷᠢᠯᠡᠵᠤ᠂ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠰᠢᠢᠳᠪᠤᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠨᠢ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠰᠤᠳᠤᠯᠤᠨ ᠶᠠᠷᠢᠯᠴᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠵᠠᠢ᠃        ᠬᠤᠷᠠᠯ ᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠴᠠ  ᠵᠣᠭᠢᠶᠠᠨ ᠪᠠᠶᠢᠭᠤᠯᠣᠨ ᠡᠷᠭᠢᠯᠡᠵᠦ᠂ ᠡᠯ᠎ᠡ ᠰᠤᠮᠤ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠨᠤᠳᠤᠭ ᠪᠡᠯᠴᠢᠭᠡᠷ ᠤᠨ ᠬᠥᠨᠳᠡᠯᠡᠨ ᠠᠴᠠ ᠲᠠᠰᠤᠯᠬᠤ ᠺᠣᠮᠢᠰ ᠵᠡᠷᠭᠡ ᠬᠠᠮᠢᠶ᠎ᠠ ᠪᠦᠬᠦᠢ ᠨᠢᠭᠡᠴᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠣᠷᠣᠯᠴᠠᠵᠠᠢ᠃        ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠴᠠ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠵᠢᠭᠤᠷᠠᠯᠳᠤᠭᠠᠨ ᠤ ᠣᠳᠣᠬᠢ ᠪᠡᠶᠢᠳᠠᠯ᠂ ᠡᠬᠦᠰᠥᠭᠰᠠᠨ ᠰᠢᠯᠲᠠᠭᠠᠨ᠂ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠭᠰᠡᠨ ᠤ ᠬᠠᠮᠳᠤ᠂ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠶᠢ ᠬᠡᠷᠬᠢᠨ ᠵᠣᠯᠭᠠᠭᠤᠯᠬᠤ᠂ ᠰᠢᠭᠦᠬᠦ ᠬᠤᠷᠢᠶᠠᠨ ᠤ ᠬᠦᠯᠢᠶᠡᠨ ᠠᠪᠴᠤ ᠰᠢᠢᠳᠪᠤᠷᠢᠯᠡᠬᠦ ᠨᠤᠲᠤᠭ ᠪᠡᠯᠴᠢᠭᠡᠷ ᠤᠨ ᠬᠡᠷᠡᠭ ᠤᠨ ᠬᠡᠪᠴᠢᠶ᠎ᠡ᠂ ᠵᠠᠰᠠᠭ ᠤᠨ ᠣᠷᠳᠣᠨ ᠤ ᠵᠢᠭᠤᠷᠠᠯᠳᠤᠭᠠᠨ ᠢ ᠰᠢᠢᠳᠪᠤᠷᠢᠯᠡᠬᠦ ᠬᠡᠪᠴᠢᠶ᠎ᠡ ᠵᠢᠴᠢ ᠬᠠᠷᠢ ᠳᠤ ᠮᠣᠷᠳᠠᠭᠰᠠᠨ ᠥᠬᠢᠳ ᠤᠨ ᠳᠠᠭᠠᠭᠠᠴᠢᠯᠠᠨ ᠡᠵᠡᠩᠨᠡᠬᠦ ᠡᠷᠬᠡ ᠳᠠᠭᠠᠭᠠᠴᠢᠯᠠᠨ ᠡᠵᠡᠩᠨᠡᠬᠦ ᠡᠷᠬᠡ ᠶᠢ ᠵᠠᠯᠭᠠᠮᠵᠢᠯᠠᠬᠤ᠂ ᠣᠳᠣ ᠶᠢᠨ ᠪᠡᠶᠢᠭ᠎ᠠ ᠬᠠᠤᠯᠢ ᠴᠠᠭᠠᠵᠠ ᠶᠢᠨ ᠲᠣᠭᠲᠠᠭᠠᠯ ᠢ ᠬᠡᠷᠬᠢᠨ ᠭᠡᠷᠡᠭᠵᠢᠭᠦᠯᠭᠦ ᠵᠡᠷᠭᠡ ᠬᠦᠴᠢᠷ ᠲᠦᠪᠡᠭᠲᠡᠶ ᠠᠰᠠᠭᠤᠳᠠᠯ ᠤᠨ ᠲᠣᠬᠠᠢ ᠨᠠᠷᠢᠨ ᠰᠤᠳᠤᠯᠤᠨ ᠶᠠᠷᠢᠯᠴᠠᠵᠠᠢ᠃        ᠲᠣᠰ ᠣᠳᠠᠭᠠᠨ ᠤ ᠬᠤᠷᠠᠯ ᠢᠶᠠᠷ ᠲᠠᠮᠵᠢᠵᠤ᠂ ᠮᠠᠨ ᠤ ᠬᠤᠰᠢᠭᠤᠨ ᠤ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠤᠷᠢᠯᠡᠬᠦ ᠲᠤᠬᠠᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠡᠯ᠎ᠡ ᠰᠠᠯᠠᠭ᠎ᠠ ᠮᠥᠴᠢᠷ ᠨᠢ ᠬᠤᠯᠪᠣᠭᠠᠯᠠᠨ ᠬᠥᠳᠡᠯᠦᠯᠴᠡᠵᠦ ᠬᠠᠮᠲᠤᠷᠠᠨ ᠠᠵᠢᠯᠯᠠᠵᠤ᠂ ᠳᠠᠷᠠᠭ᠎ᠠ ᠠᠯᠬᠤᠮ ᠳᠤ ᠵᠠᠰᠠᠭ ᠵᠠᠬᠢᠷᠭ᠎ᠠ ᠪᠠ ᠬᠠᠤᠯᠢ ᠴᠠᠭᠠᠵᠠ ᠭᠡᠬᠦ ᠬᠤᠶᠠᠷ ᠵᠦᠢᠯ ᠤᠨ ᠠᠷᠭ᠎ᠠ ᠵᠠᠮ ᠢ ᠪᠥᠳᠥᠮᠵᠢᠳᠠᠢ ᠤᠶᠠᠯᠳᠤᠭᠤᠯᠤᠨ᠂ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠵᠤᠬᠢᠰᠳᠠᠢ ᠰᠢᠢᠳᠪᠤᠷᠢᠯᠡᠬᠦ ᠶᠢ ᠠᠬᠢᠭᠤᠯᠬᠤ ᠳᠤ ᠰᠠᠭᠤᠷᠢ ᠲᠠᠯᠪᠢᠵᠤ᠂ ᠮᠠᠯᠴᠢᠨ ᠲᠦᠮᠡᠨ ᠤ ᠨᠤᠳᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠳᠤ ᠬᠠᠮᠲᠤ ᠶᠢᠨ ᠲᠠᠨᠢᠯᠲᠠ ᠲᠠᠢ ᠪᠣᠯᠪᠠ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号