ᠬᠥᠪᠡᠭᠡᠳᠤ ᠰᠢᠷ᠎ᠠ ᠬᠤᠰᠢᠭᠤ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠶᠢᠨ ᠢᠯᠡᠷᠬᠡᠶᠢᠯᠡᠯ ᠰᠡᠭᠦᠭᠦ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2020-08-10
     ᠤᠢᠢᠷ᠎ᠠ ᠶᠢᠨ ᠡᠳᠤᠷ᠂ ᠬᠥᠪᠡᠭᠡᠳᠤ ᠰᠢᠷ᠎ᠠ ᠬᠤᠰᠢᠭᠤ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠶᠢᠨ ᠢᠯᠡᠷᠭᠡᠶᠢᠯᠡᠯ ᠰᠠᠬᠦᠬᠦ ᠶᠤᠰᠤᠯᠠᠯ ᠶᠠᠪᠤᠭᠳᠠᠭᠤᠯᠵᠤ᠂ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠨᠢ ᠥᠷᠭᠡᠨ ᠤᠯᠠᠨ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠳᠤ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠶᠢᠨ ᠭᠡᠷ ᠪᠦᠯᠢ ᠪᠠ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠳᠤ ᠨᠠᠷ ᠲᠤ ᠬᠠᠷᠢᠯᠴᠠᠨ ᠰᠤᠯᠢᠯᠴᠠᠬᠤ ᠳᠠᠪᠴᠠᠩ ᠬᠠᠩᠭᠠᠭᠰᠠᠨ ᠪᠠᠶᠢᠨ᠎ᠠ᠃      ᠢᠯᠡᠷᠭᠡᠶᠢᠯᠡᠯ ᠰᠠᠬᠦᠬᠦ ᠶᠤᠰᠤᠯᠠᠯ ᠨᠢ ᠬᠥᠪᠡᠭᠡᠳᠤ ᠰᠢᠷ᠎ᠠ ᠬᠤᠰᠢᠭᠤᠨ ᠤ ᠰᠤᠷᠤᠨ᠎ᠠ ᠵᠤᠰᠠᠯᠠᠩ ᠳᠤ ᠶᠠᠪᠤᠭᠳᠠᠵᠤ᠂ ᠬᠠᠷᠢᠶᠠᠳᠤ ᠨᠠᠷ ᠲᠠᠢ ᠬᠠᠷᠢᠯᠴᠠᠬᠤ ᠠᠵᠢᠯ ᠪᠠ ᠰᠤᠷᠤᠨ᠎ᠠ ᠵᠤᠰᠠᠯᠠᠩ ᠤᠨ ᠪᠠᠶᠢᠭᠤᠯᠤᠯᠳᠠ ᠶᠢ ᠤᠶᠠᠯᠳᠤᠭᠤᠯᠤᠨ᠂ ᠰᠤᠷᠤᠨ᠎ᠠ ᠵᠤᠰᠠᠯᠠᠩ ᠤᠨ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠶᠢᠨ ᠤᠯᠤᠰ ᠲᠦᠷᠦ ᠶᠢᠨ ᠬᠦᠳᠦᠯᠦᠨ ᠲᠠᠭᠠᠭᠤᠯᠬᠤ᠂ ᠨᠥᠬᠦᠷᠯᠡᠯ ᠢᠶᠠᠨ ᠵᠤᠵᠠᠭᠠᠳᠬᠬᠠᠤ᠂ ᠬᠠᠮᠳᠤᠪᠡᠷ ᠬᠥᠭᠵᠢᠬᠦ᠂ ᠬᠥᠴᠢᠷ ᠠᠰᠠᠭᠤᠳᠠᠯ ᠢ ᠰᠢᠢᠳᠪᠤᠷᠢᠯᠡᠬᠦ ᠵᠡᠷᠭᠡ ᠡᠬᠦᠷᠭᠡ ᠴᠢᠳᠠᠪᠬᠢ ᠪᠠ ᠥᠢᠯᠡᠳᠤᠯ ᠢ ᠬᠥᠢᠴᠡᠳ ᠪᠠᠳᠠᠷᠠᠭᠤᠯᠬᠤ ᠪᠤᠯᠤᠨ᠎ᠠ᠃      ᠤᠢᠢᠯᠠᠭᠠᠭᠰᠠᠨ ᠢᠶᠠᠷ᠂ ᠰᠤᠷᠤᠨ᠎ᠠ ᠵᠤᠰᠠᠯᠠᠩ ᠤᠨ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠪᠤᠯ ᠪᠥᠬᠦ ᠠᠶᠢᠮᠠᠭ ᠤᠨ ᠠᠩᠬᠠᠳᠠᠭᠴᠢ ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ ᠪᠤᠯᠤᠨ᠎ᠠ᠃ ︽ᠳᠤᠮᠳᠠᠳᠤ ᠶᠢᠨ ᠬᠠᠷᠢᠶᠠᠳᠤ ᠶᠢᠨ ᠭᠡᠷ ᠪᠦᠯᠢ︾ ᠪᠠᠷ ᠳᠠᠮᠵᠢᠭᠤᠯᠤᠨ ᠳᠤᠰ ᠬᠤᠰᠢᠭᠤᠨ ᠤ ︽ᠳ᠋ᠤᠺᠲ᠋ᠤᠷ ᠤᠨ ᠨᠤᠳᠤᠭ︾ ᠭᠡᠬᠦ ᠰᠠᠶᠢᠬᠠᠨ ᠠᠯᠳᠠᠷᠰᠢᠯ ᠢ ᠥᠷᠭᠡᠨ ᠢᠶᠠᠷ ᠤᠬᠠᠭᠤᠯᠵᠤ᠂ ᠴᠠᠬᠠᠷ ᠥᠨᠳᠤᠰᠤᠳᠠᠨ ᠤ ᠰᠤᠶᠤᠯ ᠵᠠᠩᠰᠢᠯ ᠵᠡᠷᠭᠡ ᠥᠪᠡᠷᠮᠢᠴᠠ ᠰᠤᠶᠤᠯ ᠢ ᠳᠠᠰᠤᠷᠠᠯᠳᠠ ᠥᠭᠡᠢ ᠰᠤᠷᠳᠠᠯᠴᠢᠯᠠᠵᠤ᠂ ᠥᠷᠭᠡᠨ ᠤᠯᠠᠨ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠠᠷᠢᠶᠠᠳᠤ ᠨᠠᠷ ᠤᠨ ᠳᠤᠰ ᠬᠤᠰᠢᠭᠤᠨ ᠤ ᠡᠯ᠎ᠠ ᠲᠥᠷᠥᠯ ᠤᠨ ᠠᠵᠢᠯ ᠥᠢᠯᠡᠰ ᠤᠨ ᠬᠥᠭᠵᠢᠯᠳᠡ ᠳᠤ ᠬᠥᠴᠥᠨ ᠢᠶᠠᠨ ᠡᠷᠬᠦᠬᠦ ᠶᠢ ᠰᠠᠨᠠᠭᠠᠴᠢᠯᠠᠵᠤ᠂ ᠳᠤᠮᠳᠠᠳᠤ ᠶᠢᠨ ᠬᠠᠷᠢᠶᠠᠳᠤ ᠨᠠᠷ ᠤᠨ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠤᠯᠴᠠᠬᠤ ᠳᠤ ᠬᠠᠯᠠᠭᠤᠨ ᠳᠤᠯᠠᠭᠠᠨ ᠭᠡᠷ ᠤᠷᠤᠨ ᠢ ᠬᠠᠩᠭᠠᠵᠤ᠂ ᠳᠤᠰ ᠬᠤᠰᠢᠭᠤᠨ ᠤ ᠳᠤᠮᠳᠠᠳᠤ ᠶᠢᠨ ᠬᠠᠷᠢᠶᠠᠳᠤ ᠨᠠᠷ ᠲᠠᠢ ᠬᠠᠷᠢᠯᠴᠠᠬᠤ ᠠᠵᠢᠯ ᠳᠤ ᠨᠢᠭᠡᠨ ᠮᠥᠷᠥ ᠶᠢᠨ ᠬᠥᠴᠥᠨ ᠪᠤᠯᠵᠤ᠂ ᠳᠤᠮᠳᠠᠳᠤ ᠶᠢᠨ ᠬᠠᠷᠢᠶᠠᠳᠤ ᠨᠠᠷ ᠲᠠᠢ ᠬᠠᠷᠢᠯᠴᠠᠬᠤ ᠠᠵᠢᠯ ᠥᠢᠯᠡᠰ ᠤᠨ ᠳᠠᠰᠤᠷᠠᠯᠳᠠ ᠥᠭᠡᠢ ᠬᠥᠭᠵᠢᠬᠦ ᠶᠢ ᠠᠬᠢᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号