ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠳᠣ ᠪᠣᠵᠠᠷ ᠤᠰᠤ ᠰᠢᠢᠳᠪᠦᠷᠢᠯᠡᠭᠦ ᠦᠢᠯᠡᠳᠪᠦᠷᠢ ᠶᠢᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠣᠯᠳᠠ ᠶᠢᠨ ᠠᠬᠢᠴᠠ ᠶᠢ ᠪᠠᠶᠢᠴᠠᠭᠠᠪᠠ
ᠨᠡᠶᠢᠲᠡᠯᠡᠭᠰᠡᠨ ᠴᠠᠭ᠄
2020-08-11
        ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠳᠣ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠲᠣᠯᠭᠠᠭᠤᠷᠢ  ᠵᠢᠴᠢ ᠬᠠᠮᠢᠶᠠᠳᠠᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠬᠠᠮᠳᠣᠪᠠᠷ ᠰᠢᠨᠡᠪᠤᠯᠠᠭ ᠪᠠᠯᠭᠠᠰᠤᠨ ᠤ ᠪᠣᠵᠠᠷ ᠤᠰᠤ ᠰᠢᠢᠳᠪᠦᠷᠢᠯᠡᠭᠦ ᠦᠢᠯᠡᠳᠪᠦᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠠᠬᠤᠢ ᠲᠠᠯᠠᠪᠠᠢ  ᠪᠠᠷ ᠭᠦᠷᠴᠣ᠂ ᠪᠥᠲᠥᠭᠡᠨ ᠪᠠᠶᠢᠭᠤᠯᠣᠯᠳᠠ ᠶᠢᠨ ᠠᠬᠢᠴᠠ ᠶᠢ ᠪᠠᠶᠢᠴᠠᠭᠠᠵᠠᠢ᠃        ᠬᠤᠪᠢᠰᠬᠠᠯᠳᠣ᠂ ᠠᠬᠤᠢ ᠲᠠᠯᠠᠪᠠᠢ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠢᠴᠠ ᠶᠢᠨ ᠪᠠᠶᠢᠳᠠᠯ ᠢ ᠨᠠᠷᠢᠨ ᠣᠶᠢᠯᠠᠭᠠᠵᠦ᠂ ᠪᠣᠵᠠᠷ ᠤᠰᠤ ᠰᠢᠢᠳᠪᠦᠷᠢᠯᠡᠭᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠯᠬᠤᠷ ᠡᠷᠭᠡᠪᠰᠢ ᠡᠨᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠡᠨᠡ ᠵᠢᠯ ᠤᠨ 11 ᠳ᠋ᠦᠭᠡᠷ ᠰᠠᠷ᠎ᠠ ᠳᠤ ᠠᠵᠢᠯ ᠢᠶᠠᠨ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠦ᠂ ᠦᠢᠯᠡᠳᠦᠯ ᠢ ᠨᠢ ᠡᠷᠲᠡᠬᠡᠨ ᠪᠠᠳᠠᠷᠠᠭᠤᠯᠬᠤ ᠭᠡᠷᠡᠭᠳᠡᠢ ᠭᠡᠵᠦ ᠵᠢᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号