ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠤᠶᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ ᠤᠨ ᠲᠣᠬᠠᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-11
      8 ᠰᠠᠷ᠎ᠠ ᠶᠢᠨ 2 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠶᠢᠨ ᠲᠠᠯᠠᠪᠠᠶ ᠶᠢᠨ ᠬᠤᠷᠠᠯ ᠤᠨ ᠪᠡᠯᠡᠳᠬᠡᠯ ᠠᠵᠢᠯ ᠤᠨ ᠲᠣᠬᠠᠢ ᠶᠠᠷᠢᠯᠴᠠᠬᠤ ᠬᠤᠷᠠᠯ ᠬᠤᠰᠢᠭᠤᠨ ᠤ ᠮᠡᠳᠡᠭᠡ ᠵᠠᠩᠭᠢᠵᠢᠭᠤᠯᠣᠯᠳᠠ ᠶᠢᠨ ᠲᠦᠪ ᠲᠤ ᠬᠤᠷᠠᠯᠳᠣᠵᠦ᠂ ᠬᠠᠮᠢᠶᠠᠳᠠᠢ ᠠᠵᠢᠯ ᠢ ᠰᠣᠳᠣᠯᠣᠨ ᠪᠠᠶᠢᠷᠢᠯᠠᠭᠤᠯᠵᠠᠢ᠃       ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠢᠨᠠᠨ ᠬᠠᠮᠢᠶᠠᠷᠤᠯᠲᠠ ᠶᠢᠨ ᠲᠣᠪᠴᠢᠶᠠᠨ ᠤ  ᠬᠤᠶᠠᠳᠣᠭᠠᠷ ᠲᠡᠰ ᠤᠨ ᠲᠣᠭᠤᠷᠢᠨ ᠪᠠᠶᠢᠴᠠᠭᠠᠬᠴᠢ ᠭᠡᠰᠢᠭᠦᠨ ᠫᠸᠡᠭ  ᠸᠠᠨ ᠵᠧᠨ彭万臻 ᠨᠠᠷ ᠵᠢᠴᠢ ᠬᠤᠰᠢᠭᠤᠨ ᠤ ᠤᠳᠤᠷᠢᠳᠤᠯᠭ᠎ᠠ ᠳᠠᠪᠰᠢᠯᠳᠣ᠂ ᠬᠤᠪᠢᠰᠬᠠᠯᠳᠣ᠂ ᠰᠦᠯᠳᠡ᠂ ᠣᠷᠠᠩᠭᠤᠸ᠎ᠠ᠂ ᠰᠡᠴᠡᠡᠭᠡᠷᠡᠯ ᠵᠢᠴᠢ ᠬᠠᠮᠢᠶᠠᠳᠠᠢ ᠨᠢᠭᠡᠴᠡ ᠶᠢᠨ ᠬᠤᠷᠠᠯ ᠳᠤ ᠣᠷᠣᠯᠴᠠᠵᠠᠶ᠃       ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠳᠣ ᠬᠤᠷᠠᠯ ᠢ ᠡᠷᠭᠢᠯᠡᠨ᠂ ᠮᠠᠨ ᠤ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠦ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠵᠦ᠂ ᠬᠤᠷᠠᠯ ᠳᠤ  ᠣᠷᠣᠯᠴᠠᠬᠰᠠᠳ ᠠᠴᠠ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠤᠨ ᠠᠭᠢᠴᠠ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠢᠨᠠᠨ ᠬᠠᠮᠢᠶᠠᠷᠤᠯᠲᠠ ᠶᠢᠨ  ᠲᠣᠪᠴᠢᠶᠠᠨ ᠤ  ᠬᠤᠶᠠᠳᠣᠭᠠᠷ ᠲᠡᠰ ᠤᠨ ᠲᠣᠭᠤᠷᠢᠨ ᠪᠠᠶᠢᠴᠠᠭᠠᠬᠴᠢ ᠭᠡᠰᠢᠭᠦᠨ ᠫᠸᠡᠭ ᠸᠠᠨ ᠵᠧᠨ ᠠᠴᠠ ᠭᠦᠪᠡᠭᠡᠳᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠤᠶᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠵᠠᠰᠠᠭ ᠤᠨ ᠣᠳᠣᠷᠢᠳᠣᠯᠭ᠎ᠠ ᠲᠦᠷᠦᠭᠦᠯᠡᠨ  ᠪᠠᠶᠢᠷᠢᠯᠠᠭᠤᠯᠣᠨ ᠵᠣᠭᠢᠴᠠᠭᠤᠯᠵᠦ᠂ ᠡᠯ᠎ᠡ ᠲᠦᠷᠦᠯ ᠤᠨ ᠪᠡᠯᠡᠳᠭᠡᠯ ᠠᠵᠢᠯ ᠢ ᠨᠢᠮᠪᠠᠢ ᠶᠠᠪᠣᠬᠳᠠᠭᠤᠯᠵᠦ ᠪᠠᠶᠢᠨ᠎ᠠ᠃  ᠪᠠᠭ᠎ᠠ ᠮᠦᠷᠳᠡᠭᠡᠨ ᠨᠠᠷᠢᠯᠢᠭ᠂ ᠰᠢᠯᠢᠳᠡᠭ᠂ ᠭᠦᠴᠦᠷᠭᠡᠭ  ᠪᠠᠶᠢᠬᠤ ᠶᠡᠷᠦᠩᠭᠡᠢ ᠱᠠᠭᠠᠷᠳᠠᠯᠭ᠎ᠠ ᠶᠣᠰᠣᠭᠠᠷ᠂ ᠪᠦᠳᠦᠭᠡᠭᠳᠡᠭᠦᠨ ᠤ ᠶᠠᠰᠣ ᠴᠢᠨᠠᠷ ᠠᠮᠣᠷ ᠲᠦᠪᠰᠢᠨ ᠢ ᠪᠠᠳᠣᠯᠠᠵᠦ᠂ ᠡᠯᠧᠺᠲ᠋ᠣᠷᠣᠨ ᠬᠤᠳᠠᠯᠳᠣᠭᠠᠨ ᠤ ᠬᠠᠮᠢᠶᠠᠷᠤᠯᠲᠠ ᠶᠢ ᠴᠢᠩᠭ᠎ᠠ ᠵᠢᠷᠣᠮᠯᠠᠵᠦ᠂ ᠲᠠᠸᠠᠷ ᠤᠨ ᠲᠡᠮᠳᠡᠭ ᠢ ᠵᠢᠷᠤᠮᠵᠢᠭᠤᠯᠤᠨ ᠬᠡᠷᠡᠭᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠨ᠂ ᠬᠠᠤᠯᠢ ᠭᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠣᠨ᠂ ᠤᠷᠲᠤ ᠬᠤᠭᠤᠴᠠᠭᠠᠨ ᠤ ᠦᠷ᠎ᠡ ᠠᠰᠢᠬᠳᠣ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢ ᠴᠡᠪᠡᠷᠰᠢᠭᠦᠯᠦᠨ᠂ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠭᠡᠷᠡᠭᠳᠡᠢ ᠭᠡᠵᠦ ᠴᠢᠬᠤᠯᠠᠴᠢᠯᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号