ᠬᠦᠪᠡᠭᠡᠲᠦ ᠰᠢᠷ᠎ᠠ ᠬᠤᠰᠢᠭᠤ ᠨᠠᠮ ᠤᠨ ᠭᠠᠳᠠᠨᠠᠬᠢ ᠬᠦᠮᠦᠰ ᠤᠨ ᠪᠤᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2020-08-11
                                                  ᠥᠨᠢᠷ    ᠮᠥᠴᠢᠷ  ᠮᠡᠳᠡᠭᠡᠯᠡᠪᠡ       ᠨᠠᠮ ᠤᠨ ᠭᠠᠳᠠᠨᠠᠬᠢ ᠺᠠᠳ᠋ᠷ ᠤᠨ ᠴᠢᠳᠠᠪᠤᠷᠢ ᠬᠡᠪ ᠴᠢᠨᠠᠷ ᠤᠨ ᠪᠠᠶᠢᠭᠤᠯᠤᠯᠳᠠ ᠶᠢ ᠤᠯᠠᠮ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠳᠠᠯ᠎ᠠ ᠶᠢᠨ ᠪᠠᠶᠢᠭᠤᠯᠤᠯᠳᠠ ᠬᠥᠭᠵᠢᠯᠳᠡ ᠳᠤ ᠨᠢᠭᠡᠨ ᠰᠠᠯᠠᠭ᠎ᠠ ᠰᠢᠯᠢᠳᠡᠭ ᠨᠠᠮ ᠤᠨ ᠭᠠᠳᠠᠨᠠᠬᠢ ᠴᠢᠳᠠᠪᠤᠷᠢᠳᠠᠨ ᠤ ᠡᠩᠨᠡᠭᠡ ᠶᠢ ᠬᠦᠮᠦᠵᠢᠬᠦᠯᠬᠦ ᠶᠢᠨ ᠡᠭᠦᠳᠡᠨ ᠠᠴᠠ 8 ᠰᠠᠷ᠎ᠠ ᠶᠢᠨ4 ᠤ ᠡᠳᠦᠷ᠂ ᠬᠤᠰᠢᠭᠤᠨ ᠤ ᠨᠢᠭᠡᠳᠦᠮᠡᠯ ᠹᠡᠷᠤᠨᠲ ᠶᠢᠨ ᠭᠡᠯᠲᠡᠰ ᠠᠴᠠ ᠨᠠᠮ ᠤᠨ ᠭᠠᠳᠠᠨᠠᠬᠢ ᠬᠦᠮᠦᠰ ᠤᠨ ᠪᠤᠯᠪᠠᠰᠤᠷᠠᠯ ᠢ ᠵᠤᠬᠢᠶᠠᠨ ᠪᠠᠶᠢᠭᠤᠯᠤᠨ ᠡᠷᠬᠢᠯᠡᠵᠡᠢ᠃       ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠡᠷᠤᠨᠲ ᠶᠢᠨ ᠭᠡᠯᠲᠡᠰ ᠤᠨ ᠳᠠᠷᠤᠭ᠎ᠠ  ᠵᠤᠷᠢᠭᠲᠤ ᠪᠤᠯᠪᠠᠰᠤᠷᠠᠯ ᠳᠡᠭᠡᠷ᠎ᠡ ᠶᠠᠷᠢᠶ᠎ᠠ ᠭᠢᠵᠦ᠂ ᠪᠥᠬᠦ ᠬᠤᠰᠢᠭᠤᠨ ᠤ ᠳᠡᠳ᠋ ᠰᠠᠯᠠᠭᠠᠨ ᠳᠡᠰ ᠠᠴᠠ ᠳᠡᠭᠡᠭᠰᠢᠬᠢ ᠨᠠᠮ ᠤᠨ ᠭᠠᠳᠠᠨᠠᠬᠢ ᠺᠠᠳ᠋ᠷ ᠪᠤᠯᠤᠨ ᠨᠠᠮ ᠪᠤᠰᠤ ᠤᠯᠤᠰ ᠲᠦᠷᠦ ᠶᠢᠨ ᠵᠥᠪᠯᠯᠡᠭᠡᠨ ᠤ ᠭᠡᠰᠢᠭᠦᠨ ᠪᠤᠯᠪᠠᠰᠤᠷᠠᠯ ᠳᠤ ᠤᠷᠤᠯᠴᠠᠵᠠᠢ᠃       ᠪᠤᠯᠪᠠᠰᠤᠷᠠᠯ ᠳᠡᠭᠡᠷ᠎ᠡ᠂ ᠬᠤᠰᠢᠭᠤᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠶᠠᠩ ᠬᠠᠢ ᠪᠥᠸᠧ ᠠᠴᠠ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠪᠥᠬᠦ ᠤᠯᠤᠰ ᠤᠨ ᠬᠤᠶᠠᠷ ᠬᠤᠷᠠᠯ ᠤᠨ ᠭᠤᠤᠯ ᠪᠤᠯᠬᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ︾ ᠭᠡᠬᠦ ᠰᠡᠳᠦᠪ ᠤᠨ ᠲᠤᠭᠤᠷᠢᠨ ᠳᠤ᠂ ᠪᠥᠬᠦ ᠤᠯᠤᠰ ᠤᠨ ᠬᠤᠶᠠᠷ ᠬᠤᠷᠠᠯ ᠤᠨ ᠦᠨᠳᠦᠰᠦᠨ ᠪᠠᠶᠢᠳᠠᠯ ᠪᠤᠯᠤᠨ ᠭᠤᠤᠯ ᠪᠤᠯᠬᠤ ᠤᠨᠴᠠᠯᠢᠭ᠂ ᠯᠢ ᠺᠧ ᠴᠢᠶᠠᠩ ᠶᠡᠷᠦᠩᠬᠡᠢ ᠰᠠᠶᠢᠳ ᠤᠨ ᠬᠢᠭᠰᠡᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠭᠤᠤᠯ ᠠᠭᠤᠯᠭ᠎ᠠ ᠪᠠ ᠦᠨᠳᠦᠰᠦᠨ ᠰᠢᠰᠲ᠋ᠧᠮ᠂ ᠰᠢ ᠶᠢᠨ ᠫᠢᠩ ᠶᠡᠷᠦᠩᠬᠡᠢ ᠱᠦᠵᠢ ᠶᠢᠨ ᠥᠪᠦᠷ ᠮᠣᠩᠭᠤᠯ ᠤᠨ ᠠᠵᠢᠯ ᠳᠤ ᠲᠤᠷᠠᠳᠤᠭᠰᠠᠨ ᠴᠢᠬᠤᠯᠠ ᠵᠢᠭᠠᠪᠤᠷᠢ ᠴᠢᠬᠤᠯᠠ ᠴᠤᠬᠤᠯᠪᠤᠷᠢ ᠶᠢᠨ ᠵᠤᠷᠢᠭ ᠰᠠᠨᠠᠭ᠎ᠠ ᠵᠡᠷᠭᠡ ᠠᠭᠤᠯᠭ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠡᠷᠤᠨᠲ ᠶᠢᠨ ᠭᠡᠯᠲᠡᠰ ᠤᠨ ᠳᠠᠷᠤᠭ᠎ᠠ ᠵᠤᠷᠢᠭᠳᠤ ᠠᠴᠠ ᠪᠤᠯᠪᠠᠰᠤᠷᠠᠯ ᠳᠤ ᠤᠷᠤᠯᠴᠠᠭᠰᠠᠨ ᠨᠠᠮ ᠤᠨ ᠭᠠᠳᠠᠨᠠᠬᠢ ᠺᠠᠲᠠᠷ ᠪᠤᠯᠤᠨ ᠨᠠᠮ ᠪᠤᠰᠤ ᠤᠯᠤᠰ ᠲᠦᠷᠦ ᠶᠢᠨ ᠵᠥᠪᠯᠯᠭᠡᠨ ᠤ ᠭᠡᠰᠢᠭᠦᠳ ᠨᠢ ᠲᠤᠰ ᠤᠳᠠᠭᠠᠨ ᠤ ᠰᠤᠷᠤᠯᠴᠠᠯᠭ᠎ᠠ ᠪᠠᠷ ᠲᠠᠮᠵᠢᠭᠤᠯᠤᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠭᠡᠵᠦ᠂ ︽ᠲᠦᠷᠪᠡᠨ ᠤᠬᠠᠮᠰᠠᠷ︾ ᠢᠶᠠᠨ ᠳᠡᠭᠡᠭᠰᠢᠯᠡᠭᠦᠯᠵᠦ᠂ ︽ᠲᠦᠷᠪᠡᠨ ᠢᠲᠡᠭᠡᠯ︾  ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠪᠡᠷ ᠤᠨ ᠳᠠᠪᠭᠤᠯᠢᠭ ᠢᠶᠠᠨ ᠪᠠᠳᠠᠷᠠᠭᠤᠯᠤᠨ᠂ ᠰᠤᠷᠤᠯᠴᠠᠯᠭ᠎ᠠ ᠶᠢ ᠢᠮᠠᠭᠳᠠ ᠪᠠᠷᠢᠮᠳᠠᠯᠠᠨ᠂ ᠵᠠᠰᠠᠭ ᠲᠤ ᠤᠷᠤᠯᠴᠠᠬᠤ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠪᠥᠬᠦ ᠳᠠᠯ᠎ᠠ ᠪᠠᠷ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ ᠴᠢᠷᠮᠠᠶᠢᠨ ᠠᠵᠢᠯᠯᠠᠬᠤ ᠬᠡᠷᠡᠭᠲᠡᠢ ᠭᠡᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号