ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠳ ᠤᠨ ᠬᠦᠰᠡᠯᠡᠩ ᠢᠲᠡᠭᠡᠯ ᠪᠢᠰᠢᠷᠠᠯ ᠤᠨ ᠪᠤᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2020-08-11
     ᠣᠶᠢᠷ᠎ᠠ ᠶᠢᠨ ᠡᠳᠦᠷ᠂ ᠮᠠᠨ ᠤ ᠬᠤᠰᠢᠭᠤ ᠰᠤᠷᠭᠠᠨ ᠬᠥᠮᠦᠵᠢᠯ ᠤᠨ ᠠᠵᠢᠯᠲᠠᠨ ᠤᠨ ᠬᠦᠰᠡᠯᠡᠩ ᠢᠲᠡᠭᠡᠯ ᠪᠢᠰᠢᠷᠠᠯ ᠤᠨ ᠪᠤᠯᠪᠠᠰᠤᠷᠠᠯ ᠢ ᠡᠷᠬᠢᠯᠡᠵᠦ᠂ ᠰᠤᠷᠭᠠᠨ ᠬᠥᠮᠦᠵᠢᠯ ᠤᠨ ᠲᠤᠪᠴᠢᠶᠠᠨ ᠤ ᠪᠦᠬᠦ ᠺᠠᠳ᠋ᠷ ᠠᠵᠢᠯᠲᠠᠨ ᠪᠣᠯᠣᠨ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠲᠠᠨ ᠪᠤᠯᠪᠠᠰᠤᠷᠠᠯ ᠳᠤ ᠤᠷᠤᠯᠴᠠᠵᠠᠢ᠃      ᠪᠤᠯᠪᠠᠰᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᡁᠢ ᠭᠦᠸᠧ ᠠᠴᠠ ︽ᠳᠥᠷᠪᠡᠨ ᠤᠬᠠᠮᠰᠠᠷ ᠢ ᠪᠣᠶ ᠪᠣᠯᠭᠠᠵᠤ᠂ ᠳᠥᠷᠪᠡᠨ ᠢᠲᠡᠭᠡᠯ ᠢᠶᠠᠨ ᠪᠠᠳᠤᠳᠬᠠᠨ᠂ ᠰᠢᠨ᠎ᠡ ᠴᠠᠭ ᠦᠶ᠎ᠡ ᠶᠢᠨ ᠨᠠᠮ ᠤᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠪᠣᠯᠬᠤ︾ ᠭᠤᠤᠯ ᠰᠡᠳᠦᠪ   ᠤᠨ ᠲᠣᠭᠤᠷᠢᠨ  ᠳᠤ᠂ ᠪᠥᠬᠦ ᠬᠤᠰᠢᠭᠤᠨ ᠤ ᠰᠣᠷᠭᠠᠨ ᠭᠦᠮᠦᠵᠢᠯ ᠤᠨ ᠠᠵᠢᠯᠲᠠᠳ ᠲᠤ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠠᠬᠤᠶ ᠪᠠᠶᠢᠳᠠᠯ᠂ ᠦᠵᠡᠯ ᠤᠬᠠᠮᠰᠠᠷ ᠤᠨ ᠬᠡᠯᠪᠡᠷᠢ ᠶᠢᠨ ᠦᠨᠳᠦᠰᠦᠨ ᠲᠦᠢᠮᠣ ᠪᠠᠶᠢᠳᠠᠯ᠂ ᠳᠥᠷᠪᠡᠨ ᠤᠬᠠᠮᠰᠠᠷ ᠪᠣᠯᠤᠨ ᠳᠥᠷᠪᠡᠨ ᠢᠲᠡᠭᠡᠯ ᠤᠨ ᠨᠠᠷᠢᠨ ᠠᠭᠤᠯᠭ᠎ᠠ ᠵᠢᠴᠢ ᠰᠢᠨ᠎ᠡ ᠴᠠᠭ ᠦᠶ᠎ᠡ ᠶᠢᠨ ᠨᠠᠮ ᠤᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠪᠣᠯᠬᠤ ᠪᠣᠳᠠᠲᠠᠶ ᠱᠠᠭᠠᠷᠳᠠᠯᠭ᠎ᠠ ᠵᠡᠷᠭᠡ ᠲᠠᠯ᠎ᠠ ᠶᠢᠨ ᠪᠣᠳᠠᠲᠠᠶ ᠠᠭᠤᠯᠭ᠎ᠠ ᠪᠠᠷ ᠨᠠᠷᠢᠨ ᠲᠡᠶᠢᠯᠤᠮᠵᠢ ᠬᠢᠵᠠᠢ᠃      ᠪᠤᠯᠪᠠᠰᠤᠷᠠᠯ ᠳᠤ ᠣᠷᠣᠯᠴᠠᠬᠰᠠᠳ ᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠲᠡᠭᠡᠭᠰᠢᠯᠡᠬᠦᠯᠤᠨ᠂ᠲᠣᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠲᠠᠢ ᠤᠶᠠᠯᠳᠤᠭᠤᠯᠤᠨ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠩᠨᠡᠭᠡ ᠪᠠᠨ ᠰᠠᠶᠢᠲᠤᠷ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠥᠲᠥᠯᠥᠨ ᠵᠢᠯᠣᠭᠤᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠢᠳᠡᠪᠭᠢ ᠴᠢᠨᠠᠷ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠭᠡᠷᠡᠭᠳᠡᠢ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠤᠯᠭᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠦᠨᠳᠦᠰᠦᠨ ᠤᠯᠤᠰ ᠤᠨ ᠪᠡᠶᠢᠳᠠᠯ ᠳᠤ ᠰᠠᠭᠤᠷᠢᠯᠠᠨ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠶᠢ ᠪᠠᠷᠢᠮᠳᠠᠯᠠᠨ᠂ ᠠᠷᠠᠳ ᠲᠦᠮᠡᠨ ᠳᠤ ᠪᠤᠶᠠᠨ ᠤᠶᠢᠯᠡᠳᠬᠦ ᠪᠠᠷ ᠠᠵᠢᠯ ᠤᠨ ᠬᠠᠷᠠᠯᠳᠠ ᠪᠠᠨ ᠪᠣᠯᠭᠠᠨ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠥᠵᠢᠬᠦᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠭᠡᠷᠡᠭᠳᠡᠢ ᠭᠡᠵᠤ ᠱᠠᠭᠠᠷᠳᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号