ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ 131 ᠳ᠋ᠤᠭᠡᠷ ᠤᠳᠠᠭᠠᠨ ᠤ ᠪᠠᠶᠢᠡᠭᠭᠤ ᠶᠢᠨ ᠬᠤᠷᠠᠯ ᠬᠤᠷᠠᠯᠳᠤᠭᠰᠡᠨ
ᠨᠡᠶᠢᠲᠡᠯᠡᠭᠰᠡᠨ ᠴᠠᠭ᠄
2020-08-11
     8 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 131 ᠳ᠋ᠤᠭᠡᠷ ᠤᠳᠠᠭᠠᠨ ᠤ  ᠪᠠᠶᠢᠡᠭᠭᠤ ᠶᠢᠨ ᠬᠤᠷᠠᠯ ᠬᠤᠷᠠᠯᠳᠣᠵᠠᠢ᠃      ᠬᠤᠷᠠᠯ  ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠲᠡᠷᠢᠭᠦᠯᠡᠭᠴᠢ ᠪᠦ᠋ ᠰᠢᠶᠣᠤ ᠯᠢᠨ ᠤ ᠮᠠᠨ ᠤ ᠬᠤᠰᠢᠭᠤᠨ ᠳᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ᠂ ᠵᠣᠷᠢᠭ ᠰᠠᠨᠠᠭ᠎ᠠ ᠶᠢ ᠣᠯᠯᠠᠮᠵᠢᠯᠠᠬᠰᠠᠨ ᠤ ᠬᠠᠮᠳᠣ ᠪᠦ᠋ ᠰᠢᠶᠣᠤ ᠯᠢᠨ ᠲᠡᠷᠢᠭᠦᠯᠡᠭᠴᠢ ᠶᠢᠨ ᠵᠢᠭᠠᠪᠤᠷᠢ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠶᠢᠨ ᠲᠠᠯᠠᠪᠠᠶ ᠶᠢᠨ ᠬᠤᠷᠠᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠶᠢᠨ ᠬᠠᠮᠲᠤ ᠲᠤᠬᠠᠶ ᠶᠢᠨ ᠲᠠᠯᠠᠪᠠᠶ ᠶᠢᠨ ᠬᠤᠷᠠᠯ ᠢᠶᠠᠷ ᠲᠣᠬᠢᠶᠠᠯ ᠪᠤᠯᠭᠠᠵᠦ᠂ ᠲᠤᠰ ᠪᠡᠶ᠎ᠡ ᠶᠢᠨ ᠳᠠᠪᠠᠭᠤᠯᠢᠭ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠡᠬᠦᠯᠳᠡᠷᠵᠢᠬᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠭᠡᠷᠡᠭᠳᠡᠢ ᠭᠡᠵᠦ ᠵᠢᠭᠠᠵᠠᠢ᠃      ᠬᠤᠷᠠᠯ ᠳᠡᠭᠡᠷ᠎ᠡ᠂ ᠳᠠᠭᠠᠭᠤᠯᠤᠨ ᠰᠤᠷᠤᠯᠴᠠᠬᠤ ᠠᠷᠭ᠎ᠠ ᠪᠠᠷ ︽ᠠᠭᠤᠷᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠣᠭᠲᠠᠭᠠᠯ︾ ᠵᠡᠷᠭᠡ ᠳᠡᠭᠡᠳᠦ ᠱᠠᠲᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮᠵᠢᠯᠠᠨ ᠰᠣᠷᠣᠯᠴᠠᠵᠦ᠂ ᠪᠦᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠦᠨᠡᠨ ᠬᠦ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢ ᠪᠦᠬᠦ ᠬᠦᠴᠦᠨ ᠢᠶᠠᠷ ᠢᠶᠠᠨ ᠰᠠᠶᠢᠲᠤᠷ  ᠭᠢᠭᠦ ᠭᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃      ᠬᠤᠷᠠᠯ ᠳᠡᠭᠡᠷ᠎ᠡ᠂ ︽ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︿ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠳᠤᠮᠳᠠᠳᠤ ᠤᠯᠤᠰ  ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠠᠷᠠᠳ  ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠰᠢᠨ᠎ᠡ ᠬᠠᠭᠤᠳᠠᠰᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠤᠭᠳᠠᠭᠠᠯ ᠢ ᠬᠡᠷᠡᠭᠵᠢᠭᠦᠯᠬᠦ ᠰᠠᠨᠠᠯ  ᠤᠨ ᠲᠣᠬᠠᠢ ᠬᠤᠪᠢᠶᠠᠷᠢᠯᠠᠯ ᠤᠨ ᠲᠦᠰᠦᠯ︾ ᠢ ᠬᠢᠨᠠᠨ ᠵᠦᠪᠯᠡᠵᠦ᠂ ᠪᠦᠬᠦ ᠬᠤᠰᠢᠭᠤ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ  ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠡᠵᠡᠮᠳᠡᠵᠦ᠂ ᠣᠲᠣ ᠪᠠᠶᠢᠭ᠎ᠠ ᠠᠵᠤ ᠦᠢᠯᠡᠰ ᠢ ᠲᠠᠰᠤᠷᠠᠯᠲᠠ ᠥᠬᠡᠶ ᠬᠦᠴᠦᠷᠬᠡᠭᠵᠢᠭᠦᠯᠦᠨ᠂ ᠰᠢᠨ᠎ᠡ ᠭᠦᠳᠡᠯᠭᠡᠭᠦ ᠭᠦᠴᠦᠨ ᠢ ᠪᠤᠶᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠭᠡᠷᠡᠭᠳᠡᠢ ᠭᠡᠵᠦ ᠵᠢᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号