ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠭᠤᠷᠪᠠᠳᠤᠭᠠᠷ ᠪᠦᠯᠦᠭ ᠤᠨ ᠤᠯᠠᠨ ᠲᠦᠮᠡᠨ ᠤ ᠢᠯᠡᠴᠢᠯᠠᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2020/8/11
      ︽ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠬᠦᠯᠬᠦ ᠤᠯᠠᠨ ᠲᠦᠮᠡᠨ ᠤ ᠢᠯᠡᠴᠢᠯᠠᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ ᠡᠳᠦᠭᠡ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠭᠤᠷᠪᠠᠳᠤᠭᠠᠷ ᠪᠦᠯᠦᠭ ᠤᠨ ᠤᠯᠠᠨ ᠲᠦᠮᠡᠨ ᠤ ᠢᠯᠡᠴᠢᠯᠠᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠳᠤᠬᠠᠢ ᠳᠤᠤᠷᠠᠬᠢ ᠮᠡᠲᠤ ᠵᠠᠷᠯᠠᠶ᠎ᠠ᠃      ᠨᠢᠭᠡ᠂ ᠢᠯᠡᠴᠢᠯᠡᠨ ᠮᠡᠳᠡᠭᠦᠯᠦᠭᠰᠡᠨ ᠪᠤᠳᠠᠲᠦ ᠪᠠᠶᠢᠳᠠᠯ      ᠢᠯᠡᠴᠢᠯᠡᠨ ᠮᠡᠳᠡᠭᠦᠯᠦᠭᠴᠢ ᠠᠴᠠ ᠬᠤᠰᠢᠭᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ  ᠨᠢ ᠮᠠᠯᠴᠢᠨ ᠲᠦᠮᠡᠨ ᠳᠤ ᠮᠡᠳᠡᠭᠳᠡᠭᠰᠡᠨ ᠦᠭᠡᠢ ᠪᠠᠷ ᠳᠤᠬᠠᠢ ᠶᠢᠨ ᠭᠠᠵᠠᠷ ᠤᠨ ᠬᠠᠮᠠᠭᠠᠯᠠᠯᠲᠠ ᠶᠢᠨ ᠤᠷᠤᠨ ᠳᠤ ᠬᠦᠷᠴᠦ᠂ ᠬᠠᠭᠤᠴᠢ ᠤᠩᠭᠤᠨ ᠮᠠᠯᠳᠠᠵᠦ᠂ ᠮᠠᠯᠴᠢᠨ ᠲᠦᠮᠡᠨ ᠨᠤᠳᠤᠭ ᠪᠡᠯᠴᠢᠭᠡᠷ ᠢᠶᠠᠨ ᠬᠠᠮᠠᠭᠠᠯᠠᠬᠤ ᠶᠢᠨ ᠲᠦᠯᠦᠭᠡ ᠴᠢᠩᠭ᠎ᠠ ᠡᠰᠡᠷᠭᠦᠴᠡᠵᠠᠢ ᠭᠡᠵᠦ ᠲᠤᠰᠬᠠᠬᠰᠠᠨ ᠪᠠᠶᠢᠨ᠎ᠠ᠃ ︵ᠬᠦᠯᠢᠶᠠᠨ ᠠᠪᠤᠬᠰᠠᠨ ᠨᠣᠮᠧᠷ᠄ D1XL202008030013︶      ᠬᠤᠶᠠᠷ᠂ ᠬᠢᠨᠠᠨ ᠬᠠᠷᠭᠤᠭᠤᠯᠤᠭᠰᠠᠨ ᠪᠠᠶᠢᠳᠠᠯ      ᠰᠢᠯᠵᠢᠭᠦᠯᠦᠨ‌‍ᠰᠢᠢᠳᠪᠦᠷᠢᠯᠡᠭᠦᠯᠬᠦ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠤᠰᠢᠭᠤ ᠳᠡᠳ᠋ ᠳᠠᠷᠤᠭ᠎ᠠ ᠲᠤᠯᠭᠠᠭᠤᠷᠢ ᠨᠦᠬᠦᠷ ᠢᠶᠠᠷ ᠳᠤᠭᠤᠶᠢᠯᠠᠩ ᠤᠨ ᠳᠠᠷᠤᠭ᠎ᠠ ᠪᠤᠯᠭᠠᠬᠰᠠᠨ᠂ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠪᠤᠯᠤᠨ ᠤᠩᠭᠤᠨ ᠠᠭᠤᠯᠠ ᠰᠤᠮᠤᠨ ᠤ ᠠᠷᠠᠳ ᠤᠨ ᠵᠠᠰᠠᠭ ᠤᠨ ᠤᠷᠳᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠢᠴᠢ ᠠᠵᠢᠯᠲᠠᠳ ᠢᠶᠠᠷ ᠪᠦᠷᠢᠯᠳᠦᠭᠰᠡᠨ ᠬᠢᠨᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠤᠩᠭᠤᠨ ᠠᠭᠤᠯᠠ ᠰᠤᠮᠤᠨ ᠤ ᠨᠠᠶᠢᠷ ᠤᠨ ᠲᠤᠯᠤᠭᠠᠢ ᠪᠠᠭᠤᠷᠢ ᠶᠢᠨ ᠳᠤᠬᠠᠢ ᠶᠢᠨ ᠭᠠᠵᠠᠷ ᠲᠤ ᠭᠦᠨᠵᠡᠭᠡᠶᠢᠷᠡᠨ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠨ  ᠬᠠᠷᠭᠤᠭᠤᠯᠤᠭᠰᠠᠨ ᠪᠠᠶᠢᠨ᠎ᠠ᠃      ᠪᠠᠶᠢᠴᠠᠭᠠᠨ ᠬᠠᠷᠭᠤᠭᠤᠯᠤᠭᠠᠳ᠂ ᠲᠤᠰ ᠢᠯᠡᠴᠢᠯᠡᠨ ᠮᠡᠳᠡᠭᠦᠯᠦᠭᠰᠡᠨ ᠠᠰᠠᠭᠤᠳᠠᠯ ᠨᠢ ᠦᠨᠡᠨ ᠪᠤᠳᠠᠳᠠᠢ ᠲᠠᠢ ᠨᠡᠶᠢᠴᠡᠬᠦ ᠦᠬᠡᠢ᠃      ᠪᠠᠶᠢᠴᠠᠭᠠᠯᠲᠠ ᠪᠠᠷ ᠳᠠᠮᠵᠢᠨ᠂ ᠬᠦᠪᠡᠭᠡᠲᠦ ᠰᠢᠷ᠎ᠠ ᠬᠤᠰᠢᠭᠤᠨ ᠤ ᠨᠠᠶᠢᠷ ᠤᠨ ᠲᠤᠯᠤᠭᠠᠢ ᠭᠠᠴᠠᠭᠠᠨ ᠤ ᠪᠠᠭᠤᠷᠢ  ᠨᠢ ᠪᠤᠯᠠᠰᠢᠨ ᠤ ᠰᠠᠭᠤᠷᠢ ᠳᠤ ᠬᠠᠷᠢᠶᠠᠯᠠᠬᠳᠠᠵᠦ᠂ ᠭᠠᠵᠠᠷ ᠤᠨ ᠪᠠᠶᠢᠴᠠ ᠶᠢᠨ ᠣᠨᠴᠠᠭᠠᠢ ᠰᠢᠯᠳᠠᠭᠠᠨ ᠠᠴᠠ ᠪᠤᠯᠵᠦ᠂ ᠤᠷᠲᠦ ᠬᠤᠭᠤᠴᠠᠭ᠎ᠠ ᠪᠠᠷ ᠦᠶᠡᠷ ᠲᠤ ᠢᠳᠡᠭᠳᠡᠨ᠂ ᠪᠤᠯᠠᠰᠢᠨ ᠤ ᠪᠦᠳᠦᠴᠡ ᠬᠦᠨᠲᠦ ᠨᠤᠴᠠᠲᠠᠢ ᠡᠪᠳᠡᠭᠳᠡᠭᠰᠡᠨ ᠪᠠᠶᠢᠨ᠎ᠠ᠃  ︽ᠪᠦᠭᠦᠳᠡ ᠨᠠᠶᠢᠷᠠᠮᠳᠤᠬᠤ ᠳᠤᠮᠳᠠᠲᠦ ᠠᠷᠠᠳ ᠤᠯᠤᠰ ᠤᠨ ᠲᠡᠦᠬᠡ ᠶᠢᠨ ᠳᠤᠷᠠᠰᠬᠠᠯᠲᠦ ᠵᠦᠢᠯᠡᠰ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ  ᠤ ᠲᠡᠦᠬᠡ ᠶᠢᠨ ᠳᠤᠷᠠᠰᠬᠠᠯᠲᠦ ᠵᠦᠢᠯᠡᠰ ᠢ ᠬᠠᠮᠠᠭᠠᠯᠠᠬᠤ ᠲᠦᠷᠢᠮ︾ ᠤᠨ ᠱᠠᠭᠠᠷᠳᠠᠯᠭ᠎ᠠ ᠶᠤᠰᠤᠭᠠᠷ᠂ ᠮᠠᠨ ᠤ ᠬᠤᠰᠢᠭᠤ ᠱᠠᠲᠦ ᠳᠠᠷᠠᠭᠠᠯᠠᠨ ᠳᠡᠭᠡᠭᠰᠢ ᠮᠡᠳᠡᠭᠦᠯᠵᠦ᠂ ᠤᠯᠤᠰ ᠤᠨ ᠲᠡᠦᠬᠡ ᠶᠢᠨ ᠳᠤᠷᠠᠰᠬᠠᠯᠲᠦ ᠵᠦᠢᠯᠡᠰ ᠤᠨ ᠲᠤᠪᠴᠢᠶᠠᠨ ᠠᠴᠠ ︽ᠪᠦᠭᠦᠳᠡ ᠨᠠᠶᠢᠷᠠᠮᠳᠤᠬᠤ ᠳᠤᠮᠳᠠᠲᠦ ᠠᠷᠠᠳ ᠤᠯᠤᠰ ᠤᠨ ᠬᠠᠭᠤᠴᠢ ᠰᠤᠳᠤᠯᠤᠯ ᠤᠨ ᠨᠡᠬᠡᠭᠡᠨ ᠮᠠᠯᠳᠠᠬᠤ ᠭᠡᠷᠡᠴᠢ ᠦᠨᠡᠮᠯᠡᠯ︾ ︵﹇2020﹈ 145 ᠲᠤᠭᠠᠲᠦ︶ ᠢ ᠤᠯᠭᠤᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠦᠬᠡ ᠶᠢᠨ ᠳᠤᠷᠠᠰᠬᠠᠯᠲᠦ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ  ᠤ ᠭᠠᠵᠠᠷ ᠲᠤ ᠬᠠᠮᠠᠭᠠᠯᠠᠯᠲᠠ ᠶᠢᠨ ᠴᠢᠨᠠᠷᠲᠠᠢ ᠬᠠᠭᠤᠴᠢ ᠰᠤᠳᠤᠯᠤᠯ ᠤᠨ ᠨᠡᠬᠡᠭᠡᠨ ᠮᠠᠯᠲᠠᠬᠤ ᠡᠷᠬᠡ ᠶᠢ ᠤᠯᠭᠤᠬᠰᠠᠨ ᠪᠠᠶᠢᠨ᠎ᠠ᠃ ᠨᠡᠬᠡᠭᠡᠨ ᠮᠠᠯᠲᠠᠬᠤ ᠬᠦᠷᠢᠶ᠎ᠠ ᠬᠡᠪᠴᠢᠶ᠎ᠡ ᠨᠢ 3500 ᠲᠡᠭᠰᠢ ᠲᠦᠷᠪᠡᠯᠵᠢᠨ ᠮᠧᠲᠷ ᠪᠤᠯᠤᠨ᠎ᠠ᠃ ᠡᠭᠦᠨ ᠤ ᠬᠠᠮᠲᠦ᠂ ᠦᠪᠡᠷᠳᠡᠭᠡᠨ ᠵᠠᠰᠠᠬᠤ ᠣᠷᠣᠨ ᠤ ᠬᠠᠭᠤᠴᠢ ᠰᠣᠳᠣᠯᠣᠯ ᠤᠨ ᠰᠠᠯᠪᠣᠷᠢ ᠪᠣᠯᠣᠨ ᠰᠢᠯᠢ ᠶᠢᠨ ᠭᠤᠣᠯ ᠠᠶᠢᠮᠠᠭ  ᠤᠨ ᠲᠡᠣᠬᠡ ᠶᠢᠨ ᠳᠣᠷᠠᠰᠬᠠᠯᠲᠦ ᠵᠥᠢᠯᠡᠰ ᠤᠨ ᠳᠣᠪᠴᠢᠶᠠᠨ ᠠᠴᠠ ᠣᠷᠢᠳ ᠬᠤᠵᠢᠳ ᠮᠡᠳᠡᠭᠳᠡᠯ ᠪᠠᠭᠤᠯᠭᠠᠵᠦ᠂ ᠮᠠᠨ  ᠤ ᠬᠤᠰᠢᠭᠤ ᠶᠢ ᠦᠪᠡᠷᠳᠡᠭᠡᠨ ᠵᠠᠰᠠᠬᠤ ᠣᠷᠣᠨ ᠤ ᠬᠠᠭᠤᠴᠢ ᠰᠣᠳᠣᠯᠣᠯ ᠤᠨ ᠰᠠᠯᠪᠣᠷᠢ ᠲᠠᠢ ᠬᠠᠮᠵᠢᠯᠴᠠᠨ ᠦᠨᠳᠦᠰᠦᠨ ᠲᠦᠷᠦᠯ ᠵᠥᠢᠯ ᠤᠨ ᠪᠦᠲᠦᠭᠡᠨ ᠪᠠᠶᠢᠭᠤᠯᠣᠯᠲᠠ᠂ ᠪᠠᠶᠢᠴᠠᠭᠠᠨ ᠰᠢᠨᠵᠢᠯᠡᠯᠲᠡ ᠪᠣᠯᠣᠨ ᠨᠡᠭᠡᠭᠡᠯᠲᠡ ᠬᠢᠬᠦ  ᠶᠢ ᠱᠠᠭᠠᠷᠳᠠᠵᠠᠢ᠃ ᠡᠭᠦᠨ ᠳᠤ᠂ ᠮᠠᠨ ᠤ ᠬᠤᠰᠢᠭᠤ ᠨᠢ ᠬᠠᠮᠢᠶ᠎ᠠ ᠪᠦᠬᠦᠢ ᠪᠠᠶᠢᠭᠤᠯᠭ᠎ᠠ ᠶᠢ ᠳᠠᠷᠣᠶᠢᠬᠠᠨ ᠵᠣᠬᠢᠶᠠᠨ ᠪᠠᠶᠢᠭᠤᠯᠣᠨ ᠬᠠᠭᠤᠴᠢ ᠦᠯᠡᠳᠡᠭᠳᠡᠯ ᠤᠨ ᠭᠠᠵᠠᠷ ᠲᠤ ᠭᠦᠨᠵᠡᠭᠡᠶᠢᠷᠡᠵᠦ ᠠᠵᠢᠯ ᠢᠶᠠᠨ ᠡᠬᠢᠯᠡᠭᠦᠯᠬᠦ ᠶᠢᠨ ᠬᠠᠮᠲᠦ᠂ ᠬᠠᠭᠤᠴᠢ ᠦᠯᠡᠳᠡᠭᠳᠡᠯ ᠤᠨ ᠪᠠᠶᠢᠭ᠎ᠠ ᠭᠠᠵᠠᠷ ᠤᠨ ᠰᠣᠮᠣ᠂ ᠭᠠᠴᠠᠭ᠎ᠠ ᠪᠣᠯᠣᠨ ᠲᠦᠷ ᠠᠰᠢᠭᠯᠠᠨ ᠬᠡᠷᠡᠭᠯᠡᠵᠦ ᠪᠠᠶᠢᠭ᠎ᠠ ᠨᠣᠲᠤᠭ ᠪᠡᠯᠴᠢᠭᠡᠷ ᠤᠨ ᠮᠠᠯᠴᠢᠳ ᠤᠨ ᠰᠠᠨᠠᠯ ᠢ ᠠᠪᠴᠦ᠂ 2020 ᠣᠨ ᠤ 6 ᠰᠠᠷ᠎ᠠ ᠶᠢᠨ 23 ᠤ ᠡᠳᠥᠷ ᠬᠠᠭᠤᠴᠢ ᠦᠯᠡᠳᠡᠭᠳᠡᠯ ᠤᠨ ᠪᠠᠶᠢᠭ᠎ᠠ ᠭᠠᠵᠠᠷ ᠤᠨ ᠰᠣᠮᠣ᠂ ᠭᠠᠴᠠᠭ᠎ᠠ ᠪᠣᠯᠣᠨ ᠲᠦᠷ ᠠᠰᠢᠭᠯᠠᠨ ᠬᠡᠷᠡᠭᠯᠡᠵᠦ ᠪᠠᠶᠢᠭ᠎ᠠ ᠨᠣᠲᠤᠭ ᠪᠡᠯᠴᠢᠭᠡᠷ ᠤᠨ ᠮᠠᠯᠴᠢᠳ ᠤᠨ ᠵᠦᠪᠰᠢᠶᠡᠷᠡᠯ ᠤᠨ ᠪᠢᠴᠢᠭ ᠪᠣᠯᠣᠨ ᠦᠮᠴᠢᠯᠡᠯ ᠤᠨ ᠡᠷᠬᠡ ᠶᠢᠨ ᠭᠡᠷᠡᠴᠢ ᠶᠢ ᠠᠪᠴᠦ᠂ 2020 ᠣᠨ ᠤ 7 ᠰᠠᠷ᠎ᠠ ᠶᠢᠨ 1 ᠤ ᠡᠳᠥᠷ᠂ ᠬᠠᠭᠤᠴᠢ ᠰᠣᠳᠣᠯᠣᠯ ᠤᠨ ᠨᠡᠭᠡᠭᠡᠯᠳᠡ ᠬᠢᠬᠦ ᠳᠤ ᠬᠤᠯᠪᠣᠭᠳᠠᠬᠤ 4 ᠮᠠᠯᠴᠢᠨ ᠠᠶᠢᠯ ᠲᠠᠢ《 ᠨᠣᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠨᠦᠬᠦᠪᠦᠷᠢ ᠶᠢᠨ ᠬᠡᠷ᠎ᠡ 》 ᠶᠢ ᠳᠣᠭᠲᠠᠵᠦ᠂ 2020 ᠣᠨ ᠤ 7 ᠰᠠᠷ᠎ᠠ ᠶᠢᠨ 3 ᠤ ᠡᠳᠥᠷ《 ᠲᠠᠯ᠎ᠠ ᠨᠣᠲᠤᠭ ᠳᠡᠭᠡᠷ᠎ᠡ ᠠᠵᠢᠯᠯᠠᠬᠤ ᠵᠦᠪᠰᠢᠶᠡᠷᠡᠯ ᠤᠨ ᠦᠨᠡᠮᠯᠡᠯ 》︵ᠨᠣᠮᠧᠷ᠄ 2019088︶ ᠤᠨ ᠭᠠᠷᠳᠠᠮ ᠢ ᠬᠢᠭᠰᠡᠨ ᠪᠠᠶᠢᠨ᠎ᠠ᠃ ᠮᠡᠨ ᠤ ᠬᠤᠰᠢᠭᠤ ᠨᠢ ᠲᠠᠯ᠎ᠠ ᠨᠣᠲᠤᠭ ᠢ ᠲᠦᠷ ᠴᠠᠭ ᠡᠵᠡᠯᠡᠨ ᠬᠡᠷᠡᠭᠯᠡᠬᠦ ᠪᠣᠯᠣᠨ ᠲᠠᠯ᠎ᠠ ᠨᠣᠲᠤᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠣᠯᠢ ᠴᠠᠭᠠᠵᠠ ᠳᠦᠷᠢᠮ ᠳᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠵᠦ᠂ ᠦᠪᠡᠷᠳᠡᠭᠡᠨ ᠵᠠᠰᠠᠬᠤ ᠣᠷᠣᠨ ᠤ ᠬᠠᠭᠤᠴᠢ ᠰᠣᠳᠣᠯᠣᠯ ᠤᠨ ᠰᠠᠯᠪᠣᠷᠢ ᠶᠢ ᠱᠠᠭᠠᠷᠳᠠᠨ᠂《 ᠬᠦᠪᠡᠭᠡᠲᠦ ᠰᠢᠷ᠎ᠠ ᠬᠤᠰᠢᠭᠤᠨ ᠤ ᠨᠠᠶᠢᠷ ᠤᠨ ᠲᠣᠯᠣᠭᠠᠢ ᠬᠠᠭᠤᠴᠢ ᠦᠯᠡᠳᠡᠭᠳᠡᠯ ᠤᠨ ᠨᠡᠭᠡᠭᠡᠯᠲᠡ ᠶᠢᠨ ᠲᠦᠷ ᠡᠵᠡᠯᠡᠨ ᠬᠡᠷᠡᠭᠯᠡᠬᠦ ᠭᠠᠵᠠᠷ ᠤᠨ ᠣᠷᠭᠤᠮᠠᠯ ᠪᠦᠷᠬᠦᠪᠴᠢ ᠶᠢ ᠰᠡᠷᠭᠦᠭᠡᠬᠦ ᠳᠦᠰᠦᠪ 》 ᠢ ᠳᠣᠭᠳᠠᠭᠠᠬᠤ ᠶᠢᠨ ᠬᠠᠮᠲᠦ᠂ ᠳᠥᠰᠥᠪ ᠤᠨ ᠱᠠᠭᠠᠷᠳᠠᠯᠭ᠎ᠠ ᠶᠣᠰᠣᠭᠠᠷ ᠴᠢᠩᠭ᠎ᠠ ᠬᠡᠷᠡᠭᠵᠢᠭᠦᠯᠵᠦ᠂ ᠣᠷᠭᠤᠮᠠᠯ ᠪᠦᠷᠬᠦᠪᠴᠢ ᠶᠢ ᠴᠠᠭ ᠳᠣᠬᠠᠢ ᠳᠤᠨᠢ ᠰᠡᠷᠭᠦᠭᠡᠬᠦ ᠶᠢ ᠬᠢᠨᠠᠨ ᠱᠠᠯᠠᠪᠳᠠᠬᠤ ᠪᠣᠯᠣᠨ᠎ᠠ᠃        ᠭᠤᠷᠪᠠ᠂ ᠬᠢᠨᠠᠨ ᠬᠠᠮᠢᠶᠠᠷᠣᠯᠲᠠ ᠶᠢ ᠬᠡᠷᠡᠭᠵᠢᠭᠦᠯᠥᠭᠰᠡᠨ ᠪᠠᠶᠢᠳᠠᠯ        2020 ᠣᠨ ᠤ 6 ᠰᠠᠷ᠎ᠠ ᠶᠢᠨ 15 ᠤ ᠡᠳᠥᠷ ᠠᠴᠠ ᠡᠬᠢᠯᠡᠨ᠂ ᠦᠪᠡᠷᠳᠡᠭᠡᠨ ᠵᠠᠰᠠᠬᠤ ᠣᠷᠣᠨ ᠤ ᠬᠠᠭᠤᠴᠢ ᠰᠣᠳᠣᠯᠣᠯ ᠤᠨ ᠰᠠᠯᠪᠣᠷᠢ ᠪᠣᠯᠣᠨ ᠰᠢᠯᠢ ᠶᠢᠨ ᠭᠤᠣᠯ ᠠᠶᠢᠮᠠᠭ ᠤᠨ ᠲᠡᠣᠬᠡ ᠶᠢᠨ ᠳᠣᠷᠠᠰᠬᠠᠯᠲᠦ ᠵᠥᠢᠯᠡᠰ  ᠤᠨ ᠳᠣᠪᠴᠢᠶᠠᠨ ᠤ ᠬᠦᠪᠡᠭᠡᠲᠦ ᠰᠢᠷ᠎ᠠ ᠬᠤᠰᠢᠭᠤᠨ ᠤ ᠨᠠᠶᠢᠷ ᠤᠨ ᠲᠣᠯᠣᠭᠠᠢ ᠬᠠᠭᠤᠴᠢ ᠦᠯᠡᠳᠡᠭᠳᠡᠯ ᠳᠤ ᠪᠠᠶᠢᠴᠠᠭᠠᠨ ᠰᠢᠨᠵᠢᠯᠡᠯᠲᠡ ᠪᠣᠯᠣᠨ ᠨᠡᠭᠡᠭᠡᠯᠲᠡ ᠶᠢ ᠬᠠᠪᠰᠣᠷᠣᠨ ᠬᠢᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠨᠢ ᠪᠦᠬᠦ ᠲᠠᠯ᠎ᠠ ᠪᠠᠷ ᠲᠥᠯᠥᠪᠵᠢᠭᠦᠯᠥᠨ ᠪᠠᠶᠢᠷᠢᠯᠠᠭᠤᠯᠵᠦ᠂ ᠣᠩᠭᠤᠨ ᠠᠭᠤᠯᠠ ᠰᠣᠮᠣ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠣᠪᠴᠢᠶ᠎ᠠ᠂ ᠣᠢ ᠰᠢᠭᠤᠢ ᠪᠣᠯᠣᠨ ᠨᠣᠲᠤᠭ ᠪᠡᠯᠴᠢᠭᠡᠷ ᠤᠨ ᠳᠣᠪᠴᠢᠶ᠎ᠠ ᠶᠢ ᠵᠣᠬᠢᠶᠠᠨ ᠪᠠᠶᠢᠭᠤᠯᠣᠨ᠂ ᠬᠠᠭᠤᠴᠢ ᠦᠯᠡᠳᠡᠭᠳᠡᠯ ᠳᠤ ᠪᠠᠶᠢᠴᠠᠭᠠᠨ ᠰᠢᠨᠵᠢᠯᠡᠯᠲᠡ ᠪᠣᠯᠣᠨ ᠨᠡᠭᠡᠭᠡᠯᠲᠡ ᠬᠢᠬᠦ ᠶᠢᠨ ᠣᠷᠢᠳᠠᠬᠢ ᠠᠵᠢᠯ ᠢ ᠵᠣᠬᠢᠴᠠᠭᠤᠯᠣᠨ ᠰᠢᠢᠳᠪᠦᠷᠢᠯᠡᠵᠦ᠂ ᠳᠣᠰᠬᠠᠢ ᠬᠦᠮᠥᠨ ᠳᠣᠬᠢᠷᠠᠭᠤᠯᠣᠨ ᠨᠡᠭᠡᠭᠡᠯᠲᠡ ᠬᠢᠵᠦ ᠪᠠᠶᠢᠭ᠎ᠠ ᠭᠠᠵᠠᠷ ᠲᠤ ᠰᠠᠭᠤᠯᠭᠠᠵᠦ᠂ ᠬᠠᠮᠢᠶ᠎ᠠ ᠪᠦᠬᠦᠢ ᠠᠵᠢᠯ ᠢ ᠵᠣᠬᠢᠴᠠᠭᠤᠯᠣᠭᠰᠠᠨ ᠪᠠᠶᠢᠨ᠎ᠠ᠃ ᠣᠳᠣ ᠪᠣᠯᠲᠠᠯ᠎ᠠ᠂《 ᠲᠠᠯ᠎ᠠ ᠨᠣᠲᠤᠭ ᠳᠡᠭᠡᠷ᠎ᠡ ᠠᠵᠢᠯᠯᠠᠬᠤ ᠵᠦᠪᠰᠢᠶᠡᠷᠡᠯ ᠤᠨ ᠦᠨᠡᠮᠯᠡᠯ 》︵ᠨᠣᠮᠧᠷ᠄ 2019088︶᠂《 ᠬᠦᠪᠡᠭᠡᠲᠦ ᠰᠢᠷ᠎ᠠ ᠬᠤᠰᠢᠭᠤᠨ ᠤ ᠨᠠᠶᠢᠷ ᠤᠨ ᠲᠣᠯᠣᠭᠠᠢ ᠬᠠᠭᠤᠴᠢ ᠦᠯᠡᠳᠡᠭᠳᠡᠯ ᠤᠨ ᠨᠡᠭᠡᠭᠡᠯᠲᠡ ᠶᠢᠨ ᠲᠦᠷ ᠡᠵᠡᠯᠡᠨ ᠬᠡᠷᠡᠭᠯᠡᠬᠦ ᠭᠠᠵᠠᠷ ᠤᠨ ᠣᠷᠭᠤᠮᠠᠯ ᠪᠦᠷᠬᠦᠪᠴᠢ ᠶᠢ ᠰᠡᠷᠭᠦᠭᠡᠬᠦ ᠳᠦᠰᠦᠪ 》 ᠢ ᠨᠢᠭᠡᠨᠳᠡ ᠳᠣᠭᠲᠠᠭᠠᠭᠰᠠᠨ ᠪᠠᠶᠢᠨ᠎ᠠ᠃              ᠳᠤᠮᠳᠠᠲᠦ ᠤᠯᠤᠰ ᠤᠨ ᠡᠪ ᠬᠠᠮᠲᠦ ᠨᠠᠮ ᠤᠨ ᠬᠦᠪᠡᠭᠡᠲᠦ ᠰᠢᠷ᠎ᠠ ᠬᠤᠰᠢᠭᠤᠨ ᠤ ᠬᠤᠷᠢᠶ᠎ᠠ              ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ               2020 ᠤᠨ ᠤ 8 ᠰᠠᠷᠠᠶᠢᠨ 5 ᠤ ᠡᠲᠦᠷ
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号