ᠬᠦᠪᠡᠭᠡᠲᠦ ᠰᠢᠷ᠎ᠠ ᠬᠤᠰᠢᠭᠤᠨ ᠤ ᠪᠤᠭᠲᠠ ᠶᠢᠨ ᠭᠤᠣᠯ ᠰᠣᠮᠣᠨ ᠤ ᠡᠯ᠎ᠡ ᠭᠠᠴᠠᠭᠠᠨ ᠤ ᠡᠮᠡᠭᠳᠡᠶᠢᠴᠦᠳ ᠤᠨ ᠬᠤᠯᠪᠤᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡ᠂ ᠪᠤᠳᠤᠯ ᠢᠶᠠᠨ ᠳᠡᠯᠭᠡᠬᠦ ᠶᠠᠷᠢᠯᠴᠠᠯᠭ᠎ᠠ ᠵᠢᠴᠢ ᠣᠯᠠᠨ ᠲᠥᠮᠡᠨᠴᠢ ᠬᠦᠳᠡᠯᠭᠡᠭᠡᠨ ᠢ ᠦᠷᠭᠦᠯᠵᠢᠯᠡᠨ ᠥᠷᠨᠢᠬᠦᠯᠵᠦ ᠪᠣᠢ
ᠨᠡᠶᠢᠲᠡᠯᠡᠭᠰᠡᠨ ᠴᠠᠭ᠄
2020/8/19
      ᠡᠮᠡᠭᠳᠡᠶᠢᠴᠦᠳ ᠤᠨ ᠬᠤᠯᠪᠤᠭᠠᠨ ᠤ ᠦᠢᠯᠡᠴᠢᠯᠡᠭᠡ ᠶᠢ ᠡᠮᠡᠭᠳᠡᠶᠢᠴᠦᠳ ᠤᠨ ᠡᠬᠦᠷᠭᠡ ᠬᠠᠷᠢᠭᠤᠴᠠᠯᠭ᠎ᠠ ᠲᠠᠢ ᠨᠢᠭᠲᠠ ᠬᠤᠯᠪᠤᠭᠳᠠᠭᠤᠯᠬᠤ ᠶᠢ ᠦᠨᠡᠨᠬᠦ ᠪᠠᠳᠠᠷᠠᠭᠤᠯᠵᠤ᠂ ᠵᠥᠪ ᠡᠨᠧᠷᠭᠢ ᠶᠢ ᠤᠯᠠᠮᠵᠢᠯᠠᠨ ᠲᠡᠯᠭᠡᠷᠡᠬᠦᠯᠬᠦ ᠡᠬᠦᠳᠡᠨ ᠠᠴᠠ᠂ ᠬᠦᠪᠡᠭᠡᠲᠦ ᠰᠢᠷ᠎ᠠ ᠬᠤᠰᠢᠭᠤᠨ ᠤ ᠪᠤᠭᠲᠠ ᠶᠢᠨ ᠭᠤᠣᠯ ᠰᠣᠮᠣᠨ ᠤ ᠡᠯ᠎ᠡ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠨ ᠨᠢ ᠡᠮᠡᠭᠳᠡᠶᠢᠴᠦᠳ ᠤᠨ ᠪᠤᠳᠤᠯ ᠢᠶᠠᠨ ᠳᠡᠯᠭᠡᠬᠦ ᠶᠠᠷᠢᠯᠴᠠᠯᠭ᠎ᠠ᠂ ᠰᠠᠶᠢᠨ ᠳᠤᠷ᠎ᠠ ᠶᠢᠨ ᠦᠢᠯᠡᠴᠢᠯᠡᠭᠡ᠂ ᠰᠤᠷᠤᠯᠴᠠᠯᠭ᠎ᠠ ᠵᠢᠴᠢ ᠣᠯᠠᠨ ᠲᠥᠮᠡᠨᠴᠢ ᠬᠦᠳᠡᠯᠭᠡᠭᠡᠨ ᠵᠡᠷᠭᠡ ᠶᠢ ᠦᠷᠭᠦᠯᠵᠢᠯᠡᠨ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠮᠡᠭᠳᠡᠶᠢᠴᠦᠳ ᠤᠨ ᠢᠳᠡᠪᠬᠢᠳᠡᠢ ᠪᠠᠷ ᠬᠦᠴᠦᠨ ᠴᠢᠳᠠᠯ ᠢᠶᠠᠨ ᠪᠠᠳᠠᠷᠠᠭᠤᠯᠬᠤ ᠶᠢ ᠨᠢ ᠬᠦᠳᠦᠯᠦᠨ ᠵᠢᠯᠤᠭᠤᠳᠪᠠ᠃       ᠡᠯ᠎ᠡ ᠭᠠᠴᠠᠭᠠᠨ ᠤ ᠡᠮᠡᠭᠳᠡᠶᠢᠴᠦᠳ ᠤᠨ ᠬᠤᠯᠪᠤᠭ᠎ᠠ ᠨᠢ ᠰᠢᠰᠲ᠋ᠧᠮᠳᠤ ᠬᠦᠳᠡᠯᠭᠡᠭᠡᠨ ᠢ ᠵᠤᠬᠢᠶᠠᠨ ᠪᠠᠶᠢᠭᠤᠯᠵᠤ᠂ ᠡᠮᠡᠭᠳᠡᠢ ᠨᠦᠬᠦᠳ ᠤᠨ ᠤᠨᠴᠠᠭᠠᠢ ᠤᠷ᠎ᠠ ᠴᠢᠳᠠᠪᠦᠷᠢ ᠶᠢ ᠬᠦᠢᠴᠡᠳ ᠪᠠᠳᠠᠷᠠᠭᠤᠯᠤᠨ᠂ ᠦᠨᠳᠦᠰᠦᠨ ᠱᠠᠳᠤᠨ ᠤ ᠡᠮᠡᠭᠳᠡᠶᠢᠴᠦᠳ ᠤᠨ ᠵᠤᠬᠢᠶᠠᠨ ᠪᠠᠶᠢᠭᠤᠯᠤᠯᠲᠠ ᠶᠢᠨ ᠨᠢᠭᠲᠠᠷᠠᠯ ᠪᠦᠯᠬᠦᠮᠳᠡᠯ ᠵᠢᠴᠢ ᠨᠦᠯᠦᠭᠡᠯᠡᠬᠦ ᠬᠦᠴᠦᠨ ᠢ ᠨᠡᠮᠡᠭᠳᠡᠬᠦᠯᠦᠨ᠂ ᠰᠣᠮᠣᠨ ᠤ ᠡᠯ᠎ᠡ ᠲᠠᠯ᠎ᠠ ᠶᠢᠨ ᠠᠵᠢᠯ ᠢᠶᠠᠨ ᠥᠷᠨᠢᠬᠦᠯᠬᠦ ᠳᠤ ᠴᠢᠬᠤᠯᠠ ᠰᠠᠭᠤᠷᠢ ᠲᠠᠯᠪᠢᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号