ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠬᠤᠪᠢᠰᠬᠠᠯᠲᠤ ᠨᠠᠷ ᠥᠪᠦᠷ ᠮᠤᠩᠭᠤᠯ ᠤᠨ ᠰᠢᠯᠢ ᠶᠢᠨ ᠭᠤᠣᠯ ᠠᠶᠢᠮᠠᠭ ᠤᠨ ᠱᠠᠩᠬᠠᠢ ᠲᠠᠬᠢ ᠲᠠᠨᠢᠯᠴᠠᠭᠤᠯᠬᠤ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/8/19
     ᠥᠪᠦᠷ ᠮᠤᠩᠭᠤᠯ ᠤᠨ ᠰᠢᠯᠢ ᠶᠢᠨ ᠭᠤᠣᠯ ᠠᠶᠢᠮᠠᠭ ᠤᠨ ᠱᠠᠩᠬᠠᠢ ᠲᠠᠬᠢ ᠲᠠᠨᠢᠯᠴᠠᠭᠤᠯᠬᠤ ᠬᠤᠷᠠᠯ 8 ᠰᠠᠷ᠎ᠠ ᠶᠢᠨ 11 ᠤ ᠡᠳᠦᠷ ᠱᠠᠩᠬᠠᠢ ᠬᠤᠲᠠᠨ ᠳᠤ ᠶᠠᠪᠤᠭᠳᠠᠪᠠ᠃ ᠮᠠᠨ ᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠬᠤᠪᠢᠰᠬᠠᠯᠲᠤ᠂ ᠳᠡᠳ᠋ ᠬᠤᠰᠢᠭᠤ ᠲᠠᠷᠤᠭ᠎ᠠ ᠰᠢᠦᠢ ᠴᠢᠶᠠᠩ ᠨᠡᠷ ᠤᠨ ᠲᠠᠭᠠᠭᠤᠯᠤᠭᠰᠠᠨ ᠪᠦᠯᠬᠦᠮ ᠵᠢᠴᠢ ᠠᠷᠠᠯᠵᠢᠶᠠᠴᠢᠨ ᠣᠷᠢᠬᠤ ᠲᠤᠪᠴᠢᠶᠠᠨ ᠤ ᠬᠠᠷᠢᠭᠤᠴᠠᠯᠭᠠᠲᠠᠳ ᠱᠠᠩᠬᠠᠢ ᠳᠤ ᠬᠦᠷᠴᠦ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠠᠶᠢᠮᠠᠭ ᠤᠨ ᠭᠦᠭᠵᠢᠬᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠦᠬᠦ ᠠᠶᠢᠮᠠᠭ ᠤᠨ ᠣᠷᠤᠨ ᠨᠤᠲᠤᠭ ᠤᠨ ᠡᠬᠢ ᠪᠠᠶᠠᠯᠢᠭ ᠤᠨ ᠲᠠᠪᠠᠭᠤᠯᠢᠭ᠂ ᠭᠦᠭᠵᠢᠯᠲᠡ ᠶᠢᠨ ᠭᠤᠣᠯᠳᠠᠯᠭ᠎ᠠ᠂ ᠲᠥᠷᠦ ᠶᠢᠨ ᠪᠤᠳᠤᠯᠭ᠎ᠠ ᠶᠢᠨ ᠲᠠᠪᠠᠭᠤᠯᠢᠭ ᠵᠡᠷᠭᠡ ᠪᠡᠯᠡ ᠤᠷᠤᠭᠤᠯᠤᠯᠲᠠ ᠶᠢᠨ ᠣᠷᠴᠢᠨ ᠲᠤᠭᠤᠷᠢᠨ ᠢ ᠪᠦᠬᠦ ᠲᠠᠯ᠎ᠠ ᠪᠠᠷ ᠲᠠᠨᠢᠯᠴᠠᠭᠤᠯᠤᠨ᠂ 100 ᠲᠥᠷᠦᠯ ᠤᠨ ᠠᠷᠠᠯᠵᠢᠶᠠᠨ ᠤᠷᠢᠬᠤ ᠲᠥᠷᠦᠯ ᠵᠦᠢᠯ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠬᠤᠷᠠᠯ ᠤᠨ ᠬᠤᠭᠤᠴᠠᠭᠠᠨ ᠳᠤ᠂ ᠮᠠᠨ ᠤ ᠬᠤᠰᠢᠭᠤᠨ ᠤ ᠲᠦᠯᠦᠭᠡᠯᠡᠭᠴᠢᠳ ᠨᠢ ᠬᠤᠰᠢᠭᠤᠨ ᠤ ᠪᠠᠨ ᠪᠣᠬᠢᠷᠳᠤᠯ ᠦᠬᠡᠢ ᠮᠠᠯ ᠤᠨ ᠪᠦᠳᠦᠭᠡᠭᠳᠡᠬᠦᠨ᠂ ᠰᠤᠶᠤᠯ ᠵᠢᠭᠤᠯᠴᠢᠯᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠡᠳ᠋ᠰᠢᠬᠦᠯᠦᠨ ᠪᠤᠯᠪᠠᠰᠤᠷᠠᠭᠤᠯᠬᠤ ᠵᠡᠷᠭᠡ ᠭᠤᠣᠯᠳᠠᠯᠭ᠎ᠠ ᠲᠠᠢ ᠲᠥᠷᠦᠯ ᠵᠦᠢᠯ ᠤᠨ ᠬᠦᠷᠢᠶ᠎ᠡ ᠬᠡᠪᠴᠢᠶᠡᠨ ᠳᠠᠬᠢ ᠠᠷᠠᠯᠵᠢᠶᠠᠨ ᠤᠷᠢᠬᠤ ᠲᠥᠷᠦᠯ ᠵᠦᠢᠯ ᠢ ᠬᠤᠷᠠᠯ ᠳᠤ ᠤᠷᠤᠯᠴᠠᠭᠰᠠᠨ ᠠᠵᠤ ᠠᠬᠤᠶᠢᠯᠠᠯ ᠵᠢᠴᠢ ᠵᠤᠴᠢᠳ ᠳᠤ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠬᠤ ᠶᠢᠨ ᠬᠠᠮᠲᠤ ︽ᠬᠦᠪᠡᠭᠡᠲᠦ ᠰᠢᠷ᠎ᠠ ᠬᠤᠰᠢᠭᠤᠨ ᠤ ᠪᠡᠯᠡ ᠤᠷᠤᠭᠤᠯᠤᠯᠲᠡ ᠶᠢᠨ ᠵᠦᠭᠯᠡᠬᠦᠷ︾ ᠢ 150 ᠭᠠᠷᠤᠢ ᠬᠤᠪᠢ ᠲᠠᠷᠬᠠᠭᠠᠭᠰᠠᠨ ᠪᠠᠶᠢᠨ᠎ᠠ᠃      ᠲᠤᠰ ᠤᠳᠠᠭᠠᠨ ᠤ ᠠᠷᠠᠯᠵᠢᠶᠠᠴᠢᠨ ᠤᠷᠢᠬᠤ ᠲᠠᠨᠢᠯᠴᠠᠭᠤᠯᠬᠤ ᠬᠤᠷᠠᠯ ᠳᠤ ᠤᠷᠤᠯᠴᠠᠬᠤ ᠪᠠᠷ ᠳᠠᠮᠵᠢᠨ᠂ ᠮᠠᠨ ᠤ ᠬᠤᠰᠢᠭᠤᠨ ᠤ ᠬᠥᠬᠡ ᠮᠦᠷᠡᠨ ᠤ ᠭᠤᠷᠪᠠᠯᠵᠢᠨ ᠬᠤᠶᠢᠭ ᠤᠨ ᠭᠠᠵᠠᠷ ᠤᠷᠤᠨ ᠳᠠᠬᠢ ᠨᠡᠷ᠎ᠡ ᠠᠯᠳᠠᠷ ᠪᠠ ᠪᠠᠶᠢᠷᠢ ᠰᠠᠭᠤᠷᠢ ᠶᠢ ᠪᠦᠳᠦᠮᠵᠢᠲᠡᠢ ᠲᠡᠭᠡᠭᠰᠢᠯᠡᠬᠦᠯᠵᠦ ᠴᠢᠳᠠᠵᠠᠢ᠃ ᠬᠤᠵᠢᠮ ᠬᠤᠶᠢᠰᠢᠳᠠ ᠡᠯ᠎ᠡ ᠲᠥᠷᠦᠯ ᠤᠨ ᠠᠷᠭ᠎ᠠ ᠬᠡᠯᠪᠡᠷᠢ ᠪᠠᠷ ᠳᠠᠮᠵᠢᠨ᠂ ᠬᠥᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠦᠭᠵᠢᠭᠰᠡᠨ ᠭᠠᠵᠠᠷ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠪᠠᠨ ᠤᠯᠠᠮ ᠦᠷᠭᠡᠳᠬᠡᠨ᠂ ᠬᠤᠶᠠᠷ ᠭᠠᠵᠠᠷ ᠤᠨ ᠲᠠᠪᠴᠠᠩ᠂ ᠲᠥᠷᠦᠯ ᠵᠦᠢᠯ᠂ ᠡᠬᠢ ᠪᠠᠶᠠᠯᠢᠭ ᠵᠡᠷᠭᠡ ᠲᠠᠯ᠎ᠠ ᠪᠠᠷ ᠬᠢ ᠣᠯᠠᠨ ᠲᠡᠰ ᠲᠠᠪᠬᠤᠷᠭᠠᠳᠤ ᠵᠤᠯᠭᠠᠯᠴᠠᠭ᠎ᠠ ᠶᠢ ᠠᠬᠢᠭᠤᠯᠵᠤ᠂ ᠬᠠᠮᠳᠤᠷᠠᠯᠴᠠᠭᠠᠨ ᠤ ᠬᠦᠭᠵᠢᠯᠲᠡ ᠶᠢᠨ ᠰᠢᠨ᠎ᠡ ᠬᠠᠭᠤᠳᠠᠰᠤ ᠶᠢ ᠬᠠᠮᠳᠤᠪᠡᠷ ᠡᠬᠦᠳᠴᠦ ᠬᠠᠮᠳᠤᠪᠡᠷ ᠡᠳ᠋ᠯᠡᠬᠦ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号