ᠬᠦᠪᠡᠭᠡᠲᠦ ᠰᠢᠷ᠎ᠠ ᠬᠤᠰᠢᠭᠤᠨ ᠤ 5 ᠰᠤᠷᠤᠭᠴᠢ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠡᠯᠰᠡᠭᠳᠡᠵᠡᠢ
ᠨᠡᠶᠢᠲᠡᠯᠡᠭᠰᠡᠨ ᠴᠠᠭ᠄
2020/8/19
     ᠡᠨᠡ ᠵᠢᠯ ᠤᠨ ᠲᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠳᠤ ᠬᠦᠪᠡᠭᠡᠲᠦ ᠰᠢᠷ᠎ᠠ ᠬᠤᠰᠢᠭᠤᠨ ᠤ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠰᠢᠯᠢᠳᠡᠭ ᠬᠢᠷᠢ ᠪᠦᠳᠦᠮᠵᠢ ᠤᠯᠵᠠᠢ᠃ ᠲᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠶᠢᠨ ᠮᠤᠩᠭᠤᠯ ᠢᠶᠠᠷ ᠬᠢᠴᠢᠶᠡᠯᠯᠡᠬᠦ ᠠᠩᠭᠢ ᠶᠢᠨ ᠲᠡᠭᠦᠰᠬᠦ ᠰᠤᠷᠤᠭᠴᠢᠳ ᠤᠨ ᠳᠤᠮᠳᠠ ᠰᠢᠯᠢ ᠶᠢᠨ ᠭᠤᠣᠯ ᠠᠶᠢᠮᠠᠭ ᠲᠠᠭᠠᠨ ᠲᠡᠷᠢᠬᠦᠯᠡᠭᠰᠡᠨ ᠰᠤᠷᠤᠭᠴᠢ ᠮᠠᠨᠤ ᠨᠢ ᠬᠦᠪᠡᠭᠡᠲᠦ ᠰᠢᠷ᠎ᠠ ᠬᠤᠰᠢᠭᠤᠨ ᠤ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠰᠤᠷᠤᠭᠴᠢ ᠪᠠᠶᠢᠭᠰᠠᠨ ᠪᠦᠭᠡᠳ ᠪᠦᠬᠦ ᠠᠶᠢᠮᠠᠭ ᠤᠨ 2000 ᠰᠢᠬᠠᠮ ᠲᠡᠭᠦᠰᠦᠭᠰᠡᠨ ᠰᠤᠷᠤᠭᠴᠢ ᠶᠢᠨ ᠡᠮᠦᠨ᠎ᠡ 30 ᠰᠢᠯᠭᠠᠭᠰᠠᠳ ᠤᠨ ᠳᠤᠮᠳᠠ ᠲᠤᠰ ᠰᠤᠷᠭᠠᠭᠤᠯᠢ ᠶᠢᠨ ᠠᠷᠪᠠᠨ ᠰᠢᠯᠢᠳᠡᠭ ᠰᠤᠷᠤᠭᠴᠢ ᠲᠤᠳᠤᠷᠠᠭᠰᠠᠨ ᠪᠠᠶᠢᠨ᠎ᠠ᠃ ᠡᠭᠦᠨ ᠤ ᠳᠤᠳᠤᠷ᠎ᠠ 5 ᠰᠤᠷᠤᠭᠴᠢ ᠨᠢ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠳᠤ ᠰᠢᠯᠭᠠᠨ ᠤᠷᠤᠵᠤ᠂ ᠨᠤᠲᠤᠭ ᠤᠰᠤᠨ ᠳᠠᠭᠠᠨ ᠥᠩᠭᠡ ᠭᠡᠷᠡᠯ᠂ ᠢᠷᠠᠭᠤ ᠠᠯᠳᠠᠷ ᠢ ᠠᠪᠴᠢᠷᠠᠨ ᠨᠤᠲᠤᠭ ᠤᠨ ᠢᠶᠠᠨ ᠲᠥᠮᠡᠨ ᠢ ᠪᠠᠶᠠᠰᠬᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号