ᠬᠦᠪᠡᠭᠡᠲᠦ ᠰᠢᠷ᠎ᠠ ᠬᠤᠰᠢᠭᠤᠨ ᠤ ᠬᠥᠯ ᠪᠥᠮᠪᠦᠭᠡ ᠶᠢᠨ ᠠᠩᠭᠢ ᠨᠢ ᠪᠦᠬᠦ ᠣᠷᠤᠨ ᠤ ᠬᠥᠯ ᠪᠦᠮᠪᠦᠭᠡ ᠶᠢᠨ ᠬᠤᠯᠪᠤᠭᠠᠳᠤ ᠤᠷᠤᠯᠳᠤᠭᠠᠨ ᠳᠤ ᠤᠷᠤᠯᠴᠠᠬᠤ ᠪᠠᠷ ᠪᠡᠯᠡᠳᠭᠡᠯ ᠬᠢᠪᠡ
ᠨᠡᠶᠢᠲᠡᠯᠡᠭᠰᠡᠨ ᠴᠠᠭ᠄
2020/8/19
      ᠬᠦᠪᠡᠭᠡᠲᠦ ᠰᠢᠷ᠎ᠠ ᠬᠤᠰᠢᠭᠤᠨ ᠤ ᠬᠥᠯ ᠪᠦᠮᠪᠦᠭᠡ ᠶᠢᠨ ᠠᠩᠭᠢ ᠨᠢ 8 ᠰᠠᠷ᠎ᠠ ᠶᠢᠨ 19 ᠳᠤ ᠶᠠᠪᠤᠭᠳᠠᠬᠤ ᠭᠡᠵᠤ ᠪᠠᠶᠢᠭ᠎ᠠ ᠪᠦᠬᠦ ᠤᠷᠤᠨ ᠤ ᠬᠥᠯ ᠪᠦᠮᠪᠦᠭᠡ ᠶᠢᠨ ᠬᠤᠯᠪᠤᠭᠠᠳᠤ ᠤᠷᠤᠯᠳᠤᠭᠠᠨ ᠳᠤ ᠤᠷᠤᠯᠴᠠᠬᠤ ᠪᠠᠷ ᠨᠢᠭᠡ ᠰᠠᠷ᠎ᠠ ᠶᠢᠨ ᠬᠤᠭᠤᠴᠠᠭ᠎ᠠ ᠪᠠᠷ ᠰᠢᠷᠭᠠᠭᠤ ᠬᠠᠳᠠᠭᠤᠵᠢᠯᠲᠠᠢ ᠪᠣᠯᠪᠠᠰᠤᠷᠠᠯ ᠭᠢᠭᠰᠡᠨ ᠪᠠᠶᠢᠨ᠎ᠠ᠃       ᠬᠦᠪᠡᠭᠡᠲᠦ ᠰᠢᠷ᠎ᠠ ᠬᠤᠰᠢᠭᠤᠨ ᠤ ᠬᠥᠯ ᠪᠦᠮᠪᠦᠭᠡ ᠶᠢᠨ ᠠᠩᠭᠢ ᠨᠢ ᠣᠷᠤᠨ ᠠᠶᠢᠮᠠᠭ ᠤᠨ ᠣᠷᠤᠯᠳᠤᠭᠠᠨ ᠳᠤ ᠣᠯᠠᠨᠲᠠ ᠤᠷᠤᠯᠴᠠᠵᠤ ᠰᠠᠶᠢᠨ ᠬᠢᠷᠢ ᠪᠦᠳᠦᠮᠵᠢ ᠤᠯᠢᠵᠤ ᠪᠠᠶᠢᠭᠰᠠᠨ ᠵᠤᠵᠠᠭᠠᠨ ᠰᠠᠭᠤᠷᠢᠨ ᠳᠡᠭᠡᠷ᠎ᠡ ᠪᠠᠨ ᠣᠯᠠᠮ ᠨᠢᠭᠡ ᠠᠯᠬᠤᠮ ᠥᠭᠡᠳᠡ ᠪᠠᠨ ᠭᠢᠯᠠᠯᠵᠠᠬᠤ ᠬᠠᠳᠠᠭᠤᠬᠠᠨ ᠬᠠᠷᠠᠯᠲᠠ ᠶᠢ ᠵᠤᠷᠢᠵᠤ᠂ ᠰᠤᠷᠢᠭ᠎ᠠ ᠪᠤᠯᠪᠠᠰᠤᠷᠠᠯ ᠢᠶᠠᠨ ᠠᠯᠳᠠᠯ ᠦᠭᠡᠢ ᠴᠢᠩᠭᠠᠳᠬᠠᠵᠤ᠂ ᠵᠠᠯᠠᠭᠤ ᠲᠠᠮᠢᠷᠴᠢᠳ ᠢ ᠬᠦᠮᠦᠵᠢᠬᠦᠯᠬᠦ ᠠᠵᠢᠯ ᠢ ᠬᠦᠨᠳᠦᠳᠭᠡᠵᠦ᠂ 2018 ᠣᠨ ᠳᠤ ᠪᠦᠬᠦ ᠠᠶᠢᠮᠠᠭ ᠤᠨ ᠬᠥᠯ ᠪᠥᠮᠪᠦᠭᠡᠨ ᠤᠷᠤᠯᠳᠤᠭᠠᠨ᠂ 2019 ᠣᠨ ᠳᠤ ᠪᠦᠬᠦ ᠠᠶᠢᠮᠠᠭ ᠤᠨ ᠰᠢᠩᠭᠡᠯᠢᠭᠲᠦ ᠬᠥᠯ ᠪᠦᠮᠪᠦᠭᠡᠨ ᠤᠷᠤᠯᠳᠤᠭᠠᠨ ᠳᠤ ᠮᠠᠩᠯᠠᠶᠢᠯᠠᠵᠤ ᠪᠠᠶᠢᠭᠰᠠᠨ ᠪᠣᠯ 2020 ᠣᠨ ᠳᠤ ᠶᠠᠪᠤᠭᠳᠠᠭᠰᠠᠨ ︽ᠵᠢᠢ ᠵᠢᠦᠢ ᠭᠡᠷ ᠬᠦᠷᠦᠩᠭᠡ︾ ᠬᠤᠨᠳᠠᠭᠠᠲᠤ ᠲᠠᠪᠤᠨ ᠬᠦᠮᠦᠨ ᠤ ᠬᠥᠯ ᠪᠥᠮᠪᠦᠭᠡᠨ ᠤᠷᠤᠯᠳᠤᠭᠠᠨ ᠳᠤ ᠳᠠᠬᠢᠨᠲᠠ ᠲᠡᠷᠢᠬᠦᠯᠡᠵᠦ ᠪᠦᠬᠦ ᠠᠶᠢᠮᠠᠭ ᠤᠨ ᠬᠡᠪᠴᠢᠶᠡᠨ ᠤ ᠲᠤᠮᠤᠬᠠᠨ ᠤᠷᠤᠯᠳᠤᠭᠠᠨ ᠳᠤ ᠭᠤᠷᠪᠠᠨ ᠵᠢᠯ ᠲᠠᠷᠠᠭᠠᠯᠠᠨ ᠲᠡᠷᠢᠬᠦᠯᠡᠭᠰᠡᠨ ᠰᠢᠯᠢᠳᠡᠭ ᠠᠮᠵᠢᠯᠲᠠ ᠶᠢ ᠡᠬᠦᠳᠴᠡᠢ᠃ ᠡᠭᠦᠨ ᠠᠴᠠ ᠭᠠᠳᠠᠨ᠎ᠠ ᠪᠦᠬᠦ ᠤᠷᠤᠨ ᠤ ᠬᠡᠪᠴᠢᠶ᠎ᠡ ᠲᠠᠢ ᠤᠷᠤᠯᠳᠤᠭᠠᠨ ᠲᠡᠮᠡᠴᠡᠭᠡᠨ ᠳᠤ ᠴᠤ ᠢᠳᠡᠪᠬᠢᠯᠡᠨ ᠤᠷᠤᠯᠴᠠᠵᠤ ᠰᠢᠯᠢᠳᠡᠭ ᠠᠮᠵᠢᠯᠲᠠ ᠪᠦᠳᠦᠮᠵᠢ ᠤᠯᠤᠭᠰᠠᠨ ᠶᠤᠮ᠃       ᠬᠦᠪᠡᠭᠡᠲᠦ ᠰᠢᠷ᠎ᠠ ᠬᠤᠰᠢᠭᠤᠨ ᠤ ᠬᠥᠯ ᠪᠦᠮᠪᠦᠭᠡ ᠶᠢᠨ ᠨᠡᠶᠢᠭᠡᠮᠯᠢᠭ ᠨᠢ ᠪᠠᠶᠢᠭᠤᠯᠤᠭᠳᠠᠭᠰᠠᠨ ᠠᠴᠠ ᠨᠠᠰᠢ ᠬᠤᠰᠢᠭᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠲᠠᠮᠢᠷᠴᠢᠳ ᠢᠶᠠᠨ ᠲᠡᠮᠦᠵᠢᠨ ᠵᠤᠷᠢᠭᠵᠢᠭᠤᠯᠵᠤ᠂ ᠰᠢᠯᠢᠳᠡᠭ ᠠᠮᠵᠢᠯᠲᠠ ᠣᠯᠬᠤ ᠳᠤ ᠨᠢ ᠲᠦᠰᠢᠭ ᠲᠣᠯᠭᠠᠭᠤᠷᠢ ᠪᠣᠯᠵᠤ᠂ ᠤᠷᠤᠯᠳᠤᠭᠠᠨ ᠰᠤᠷᠢᠭᠠᠨ ᠤ ᠲᠠᠯᠠᠪᠤᠷ ᠬᠠᠩᠭᠠᠬᠤ᠂ ᠠᠶᠢᠮᠠᠭ ᠣᠷᠤᠨ ᠤ ᠬᠤᠯᠠ ᠠᠶᠠᠨ ᠬᠦᠭᠡᠭᠡᠵᠤ ᠤᠷᠤᠯᠳᠤᠭᠠᠨ ᠲᠡᠮᠡᠴᠡᠭᠡᠨ ᠳᠤ ᠶᠠᠪᠤᠬᠤ ᠳᠤ ᠨᠢ ᠵᠤᠭᠤᠰ ᠮᠦᠩᠭᠦᠨ ᠤ ᠳᠡᠮᠵᠢᠯᠭᠡ ᠬᠠᠩᠭᠠᠬᠤ ᠵᠡᠷᠭᠡ ᠠᠵᠢᠯ ᠢ ᠲᠠᠰᠤᠷᠠᠯᠳᠠ ᠦᠭᠡᠢ ᠬᠠᠩᠭᠠᠵᠤ᠂ ᠤᠷᠮ᠎ᠠ ᠶᠢ ᠨᠢ ᠲᠡᠳᠬᠦᠨ ᠵᠣᠷᠢᠭ ᠢ ᠨᠢ ᠴᠢᠩᠭᠠᠯᠠᠭᠰᠠᠨ ᠠᠴᠠ ᠬᠦᠪᠡᠭᠡᠲᠦ ᠰᠢᠷ᠎ᠠ ᠬᠤᠰᠢᠭᠤᠨ ᠤ ᠬᠥᠯ ᠪᠦᠮᠪᠦᠭᠡ ᠶᠢᠨ ᠠᠩᠭᠢ ᠶᠢᠨ ᠬᠢᠨ ᠪᠦᠬᠦ ᠤᠷᠤᠨ ᠳᠤ ᠣᠯᠠᠨᠲᠠ ᠣᠷᠤᠶᠢᠯᠠᠭᠰᠠᠨ ᠬᠥᠯ ᠪᠦᠮᠪᠦᠭᠡ ᠶᠢᠨ ᠠᠩᠭᠢ ᠪᠣᠯᠵᠤ ᠴᠢᠳᠠᠭᠰᠠᠨ ᠪᠠᠶᠢᠨ᠎ᠠ᠃ ᠬᠥᠯ ᠪᠦᠮᠪᠦᠭᠡᠨ ᠦᠢᠯᠡᠰ ᠤᠨ ᠲᠥᠯᠦᠭᠡ ᠣᠯᠠᠨ ᠠᠵᠢᠯ ᠬᠢᠵᠤ᠂ ᠠᠯᠢ ᠣᠯᠠᠨ ᠤᠷᠤᠯᠳᠤᠭᠠᠨ ᠲᠡᠮᠡᠴᠡᠭᠡᠨ ᠢ ᠡᠷᠬᠢᠯᠡᠵᠦ ᠨᠡᠶᠢᠭᠡᠮᠯᠢᠭ ᠤᠨ ᠨᠡᠷ᠎ᠡ ᠨᠦᠯᠦᠭᠡ ᠪᠠᠨ ᠦᠷᠭᠡᠳᠭᠡᠭᠰᠡᠨ ᠮᠦᠷᠳᠡᠭᠡᠨ ᠡᠨᠡ ᠵᠢᠯ ᠬᠢᠵᠢᠭ ᠢ ᠡᠰᠡᠷᠭᠦᠴᠡᠬᠦ ᠠᠵᠢᠯ ᠳᠤ ᠭᠠᠷᠮᠠᠭᠠᠶᠢᠯᠠᠨ ᠵᠢᠳᠭᠦᠵᠦ ᠪᠠᠶᠢᠭ᠎ᠠ ᠨᠡᠶᠢᠲᠡ ᠣᠯᠠᠨ ᠳᠤ 3500 ᠲᠥᠭᠦᠷᠢᠭ ᠬᠠᠨᠳᠢᠪᠯᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号