ᠬᠦᠪᠡᠭᠡᠲᠦ ᠰᠢᠷ᠎ᠠ ᠬᠤᠰᠢᠭᠤ ᠡᠨᠡ ᠵᠢᠯ ᠶᠡᠭᠡ ᠰᠤᠷᠭᠠᠭᠤᠯᠢ ᠳᠤ ᠡᠯᠰᠡᠭᠳᠡᠭᠰᠡᠨ 9 ᠰᠤᠷᠤᠬᠴᠢ ᠳᠤ ᠨᠠᠶᠢᠳᠠ 4.5 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠤᠯᠭᠤᠪᠠ
ᠨᠡᠶᠢᠲᠡᠯᠡᠭᠰᠡᠨ ᠴᠠᠭ᠄
2020/8/19
       ᠤᠢᠢᠷ᠎ᠠ ᠶᠢᠨ ᠡᠳᠤᠷ᠂ ᠬᠦᠪᠡᠭᠡᠲᠦ ᠰᠢᠷ᠎ᠠ ᠬᠤᠰᠢᠭᠤ 2020 ᠤᠨ ᠤ ︽ᠹᠠᠨ ᠬᠠᠢ ᠰᠤᠷᠤᠯᠭ᠎ᠠ ᠲᠡᠳᠬᠦᠬᠦ ᠠᠵᠢᠯᠯᠠᠭ᠎ᠠ︾ ᠶᠢᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠲᠠᠷᠬᠠᠭᠠᠬᠤ ᠶᠤᠰᠤᠯᠠᠯ ᠶᠠᠪᠤᠬᠳᠠᠭᠤᠯᠵᠦ᠂ ᠡᠨᠡ ᠵᠢᠯ ᠶᠡᠭᠡ ᠰᠤᠷᠭᠠᠭᠤᠯᠢ ᠳᠤ ᠡᠯᠰᠡᠭᠳᠡᠭᠰᠡᠨ 9 ᠰᠤᠷᠤᠬᠴᠢ ᠳᠤ ᠨᠠᠶᠢᠳᠠ 4.5 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠬᠦᠷᠳᠡᠭᠡᠪᠡ᠃        ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠤᠮᠠᠯ ᠹᠷᠤᠨᠲ ᠤᠨ ᠬᠡᠯᠳᠡᠰ ᠨᠢ ︽ᠹᠠᠨ ᠬᠠᠢ ᠰᠤᠷᠤᠯᠭ᠎ᠠ ᠲᠡᠳᠬᠦᠬᠦ ᠠᠵᠢᠯᠯᠠᠭ᠎ᠠ︾ ᠶᠢᠨ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠰᠬᠠᠢ ᠬᠦᠮᠤᠨ ᠲᠤᠬᠢᠷᠠᠭᠤᠯᠤᠨ ᠲᠤᠰ ᠠᠵᠢᠯ ᠢ ᠬᠠᠷᠢᠭᠤᠴᠠᠭᠤᠯᠤᠨ᠂ ᠪᠦᠬᠦ ᠬᠤᠰᠢᠭᠤᠨ ᠤ ᠲᠠᠩᠰᠡ ᠡᠪᠭᠡᠮᠡᠯ ᠪᠠᠶᠢᠭᠤᠯᠤᠭᠰᠠᠨ ᠬᠦᠴᠢᠷᠳᠡᠯᠳᠡᠢ ᠬᠡᠷ ᠪᠦᠯᠢ ᠶᠢᠨ ᠡᠨᠡ ᠵᠢᠯ ᠶᠡᠭᠡ ᠰᠤᠷᠭᠠᠭᠤᠯᠢ ᠳᠤ ᠡᠯᠰᠡᠭᠳᠡᠭᠰᠡᠨ ᠰᠤᠷᠤᠬᠴᠢ ᠶᠢ ᠪᠦᠷᠢᠳᠬᠡᠨ ᠲᠠᠩᠰᠡ ᠡᠪᠬᠡᠮᠡᠯ ᠪᠠᠶᠢᠭᠤᠯᠵᠦ᠂ ︽ᠹᠠᠨ ᠬᠠᠢ ᠰᠤᠷᠤᠯᠭ᠎ᠠ ᠲᠡᠳᠬᠦᠬᠦ ᠠᠵᠢᠯᠯᠠᠭ᠎ᠠ︾ ᠶᠢᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦᠨ ᠤ ᠲᠠᠷᠬᠠᠭᠠᠯᠳᠠ ᠶᠢ ᠲᠤᠬᠳᠠᠭᠠᠯ ᠶᠤᠰᠤᠭᠠᠷ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠭᠤᠶᠤᠴᠢᠯᠠᠬᠤ᠂ ᠰᠤᠷᠤᠬᠴᠢ ᠶᠢᠨ ᠨᠠᠷᠠᠰ ᠢ ᠲᠤᠬᠳᠠᠭᠠᠬᠤ᠂ ᠬᠢᠨᠠᠨ ᠬᠠᠷᠭᠤᠭᠤᠯᠬᠤ ᠵᠡᠷᠭᠡ ᠶᠠᠪᠤᠴᠠ ᠪᠠᠷ ᠴᠢᠩᠭ᠎ᠠ ᠨᠢᠮᠪᠠᠢ ᠶᠠᠪᠤᠬᠳᠠᠭᠤᠯᠵᠦ᠂ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠶᠢ ᠬᠠᠮᠤᠭ ᠤᠨ ᠬᠡᠷᠡᠭᠴᠡᠭᠡ ᠲᠠᠢ ᠰᠤᠷᠤᠬᠴᠢᠳ ᠤᠨ ᠭᠠᠷ ᠲᠤ ᠤᠨᠤᠪᠴᠢᠳᠠᠢ᠂ ᠴᠠᠭ ᠲᠤᠬᠠᠢ ᠳᠤᠨᠢ ᠤᠯᠭᠤᠬᠤ ᠶᠢ ᠦᠨᠡᠨᠬᠦ ᠪᠠᠳᠤᠯᠠᠵᠦ ᠴᠢᠳᠠᠵᠠᠢ᠃        2017 ᠤᠨ ᠠᠴᠠ ︽ᠹᠠᠨ ᠬᠠᠢ ᠰᠤᠷᠤᠯᠭ᠎ᠠ ᠲᠡᠳᠬᠦᠬᠦ ᠠᠵᠢᠯᠯᠠᠭ᠎ᠠ︾ ᠶᠢ ᠡᠬᠢᠯᠡᠵᠦ ᠦᠷᠨᠢᠬᠦᠯᠦᠭᠰᠡᠨ ᠠᠴᠠ ᠨᠠᠭᠠᠰᠢ᠂ ᠲᠤᠰ ᠠᠵᠢᠯᠯᠠᠭ᠎ᠠ ᠨᠢ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠳᠡᠪᠬᠢᠳᠠᠢ ᠬᠠᠮᠵᠢᠯᠴᠠᠵᠦ᠂ ᠶᠠᠳᠠᠭᠤ ᠶᠢ ᠲᠡᠳᠭᠦᠭᠦ ᠳᠤ ᠤᠶᠤᠨ ᠰᠠᠨᠠᠭ᠎ᠠ ᠶᠢ ᠲᠡᠳᠭᠦᠭᠦ ᠲᠠᠯ᠎ᠠ ᠪᠠᠷ ᠴᠢᠬᠤᠯᠠᠴᠢᠯᠡᠨ ᠠᠳᠬᠤᠬᠤ ᠶᠢ ᠨᠠᠶᠢᠳᠠᠪᠤᠷᠢᠵᠢᠭᠤᠯᠵᠦ᠂ ᠤᠷᠢᠳ ᠬᠤᠵᠢᠳ 63 ᠶᠡᠭᠡ ᠰᠤᠷᠭᠠᠭᠤᠯᠢ ᠶᠢᠨ ᠰᠤᠷᠤᠬᠴᠢ ᠳᠤ ᠠᠰᠢᠭ ᠬᠦᠷᠳᠡᠭᠡᠵᠦ᠂ ᠨᠠᠶᠢᠳᠠ 31.5 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠲᠠᠷᠬᠠᠭᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号