ᠨᠠᠢᠮᠠᠳᠤᠭᠠᠷ ᠤᠳᠠᠭᠠᠨ ᠤ ᠣᠳᠤᠷ ᠵᠠᠯᠠᠭᠤ ᠪᠠᠭᠠᠴᠤᠳ ᠤᠨ ᠨᠠᠭᠠᠳᠤᠮ 8 ᠰᠠᠷ᠎ᠠ ᠶᠢᠨ 15. 16 ᠤ | ᠡᠳᠦᠷ᠂ ᠬᠠᠶᠠᠩᠬᠢᠷᠸ᠎ᠠ ᠵᠤᠭᠠᠴᠠᠯ ᠤᠨ ᠣᠷᠤᠨ ᠤ ᠣᠲᠣᠷ ᠵᠤᠭᠠᠴᠠᠯ ᠳᠤ ᠬᠤᠯᠠ ᠣᠶᠢᠷ᠎ᠠ ᠠᠴᠠ ᠬᠦᠷᠦᠯᠴᠡᠨ | ᠢᠷᠡᠭᠰᠡᠨ ᠪᠠᠭᠠᠴᠤᠳ ᠢ ᠪᠠᠶᠠᠰᠬᠠᠨ ᠬᠦᠭᠵᠢᠯᠲᠡᠳᠡᠢ ᠶᠠᠪᠤᠭᠳᠠᠵᠠᠢ᠃ | ᠲᠤᠰ ᠤᠳᠠᠭᠠᠨ ᠤ ᠨᠠᠭᠠᠳᠤᠮ ᠳᠤ ᠮᠠᠨ ᠤ ᠬᠤᠰᠢᠭᠤᠨ ᠤ ᠪᠠᠭᠠᠴᠤᠳ ᠠᠴᠠ ᠭᠠᠳᠠᠨ᠎ᠠ ᠮᠠᠨ ᠤ | ᠠᠶᠢᠮᠠᠭ ᠤᠨ ᠡᠯ᠎ᠡ ᠬᠤᠰᠢᠭᠤ ᠨᠤᠲᠤᠭ ᠤᠨ ᠪᠠᠷᠤᠭ 350 ᠣᠷᠴᠢᠮ ᠪᠠᠭᠠᠴᠤᠳ ᠤᠷᠤᠯᠴᠠᠵᠤ᠂ ᠬᠤᠶᠠᠷ ᠡᠳᠦᠷ ᠤᠨ | ᠲᠤᠷᠰᠢ᠂ ᠪᠦᠬᠡ᠂ ᠰᠣᠷ ᠬᠠᠷᠪᠤᠯᠲᠠ᠂ ᠮᠣᠩᠭᠤᠯ ᠰᠢᠲᠠᠷ᠎ᠠ᠂ ᠱᠠᠭ᠎ᠠ ᠲᠤᠭᠯᠠᠭᠠᠮ ᠵᠡᠷᠭᠡ ᠦᠨᠳᠦᠰᠦᠳᠡᠨ ᠤ ᠣᠨᠴᠠᠯᠢᠭᠲᠤ | ᠰᠤᠶᠤᠯ ᠲᠠᠮᠢᠷ ᠤᠨ ᠤᠷᠤᠯᠳᠤᠭᠠᠨ ᠳᠤ ᠬᠦᠴᠦᠨ ᠴᠢᠳᠠᠯ ᠣᠶᠣᠨ ᠤᠬᠠᠭᠠᠨ ᠢᠶᠠᠨ ᠰᠣᠷᠢᠨ᠂ ᠠᠪᠢᠶᠠᠰ ᠪᠢᠯᠢᠭ ᠢᠶᠠᠨ | ᠪᠠᠳᠠᠷᠠᠭᠤᠯᠵᠠᠢ᠃ ᠪᠠᠷᠠᠭᠤᠨ ᠦᠵᠦᠮᠦᠴᠢᠨ ᠨᠤᠲᠤᠭ ᠲᠠᠢ ᠰᠢᠲᠠᠷᠠᠴᠢᠨ ᠬᠡᠶᠢᠮᠦᠷᠢᠪᠠᠲᠤ ᠡᠨᠡ ᠵᠢᠯ ᠬᠤᠶᠠᠳᠡᠬᠢ | ᠤᠳᠠᠭ᠎ᠠ ᠪᠠᠨ ᠣᠲᠤᠷ ᠨᠠᠭᠠᠳᠤᠮ ᠤᠨ ᠮᠤᠩᠭᠤᠯ ᠰᠢᠲᠠᠷ᠎ᠠ ᠶᠢᠨ ᠤᠷᠤᠯᠳᠤᠭᠠᠨ ᠳᠤ ᠤᠷᠤᠵᠤ᠂ ᠬᠤᠶᠠᠷ ᠤᠳᠠᠭᠠᠨ ᠤ | ᠤᠷᠤᠯᠳᠤᠭᠠᠨ ᠳᠤ ᠲᠡᠷᠢᠬᠦᠨ ᠳᠡᠳ᠋ ᠤᠨ ᠰᠠᠶᠢᠨ ᠬᠢᠷᠢ ᠪᠦᠳᠦᠮᠵᠢ ᠤᠯᠤᠭᠰᠠᠨ ᠪᠠᠶᠢᠨ᠎ᠠ᠃ | ᠵᠠᠯᠠᠭᠤ ᠪᠠᠭᠠᠴᠤᠳ ᠤᠨ ᠣᠶᠤᠨ ᠰᠠᠨᠠᠭᠠᠨ ᠤ ᠢᠲᠡᠭᠡᠯ ᠪᠢᠰᠢᠷᠡᠯ᠂ ᠣᠣᠷ ᠴᠢᠨᠠᠷ ᠤᠨ ᠰᠠᠭᠤᠷᠢ ᠶᠢ | ᠵᠢᠯᠤᠭᠤᠳᠤᠨ ᠬᠦᠭᠵᠢᠬᠦᠯᠬᠦ ᠵᠢᠴᠢ ᠣᠯᠠᠨ ᠲᠥᠮᠡᠨᠴᠢ ᠰᠤᠶᠤᠯ ᠤᠨ ᠠᠵᠢᠯᠯᠠᠭ᠎ᠠ ᠶᠢ ᠪᠠᠶᠠᠯᠢᠭᠵᠢᠭᠤᠯᠬᠤ ᠪᠠᠷ ᠵᠣᠷᠢᠯᠲᠠ | ᠪᠣᠯᠭᠠᠭᠰᠠᠨ ᠣᠲᠣᠷ ᠵᠠᠯᠠᠭᠤ ᠪᠠᠭᠠᠴᠤᠳ ᠤᠨ ᠨᠠᠭᠠᠳᠤᠮ ᠨᠢ ᠡᠨᠡ ᠵᠢᠯ ᠨᠠᠢᠮᠠᠳᠡᠬᠢ ᠤᠳᠠᠭ᠎ᠠ ᠪᠠᠨ ᠶᠠᠪᠤᠭᠳᠠᠵᠤ | ᠪᠠᠶᠢᠨ᠎ᠠ᠃ ᠡᠨᠡ ᠵᠢᠯ ᠤᠨ ᠣᠳᠤᠷ ᠪᠠᠭᠠᠴᠤᠳ ᠤᠨ ᠨᠠᠭᠠᠳᠤᠮ ᠨᠢ ᠠᠬᠠᠮᠠᠳ ᠪᠠᠭᠰᠢ᠂ ᠤᠬᠠᠭᠤᠯᠭ᠎ᠠ ᠰᠤᠷᠭᠠᠨ | ᠬᠦᠮᠦᠵᠢᠯ ᠤᠨ ᠪᠠᠶᠢᠭᠤᠯᠭ᠎ᠠ ᠶᠢᠨ ᠤᠳᠤᠷᠢᠳᠤᠯᠭ᠎ᠠ ᠪᠦᠬᠡ᠂ ᠰᠤᠷ ᠬᠠᠷᠪᠤᠯᠲᠠ ᠪᠠ ᠰᠢᠲᠠᠷ᠎ᠠ ᠶᠢᠨ ᠰᠤᠷᠭᠠᠭᠴᠢ᠂ ᠵᠢᠭᠠᠨ | ᠵᠢᠯᠤᠭᠤᠳᠤᠭᠴᠢ ᠨᠠᠷ ᠢ ᠤᠷᠢᠨ ᠵᠠᠯᠠᠵᠤ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠨᠢ ᠵᠠᠯᠠᠭᠤ ᠪᠠᠭᠠᠴᠤᠳ ᠤᠨ | ᠰᠠᠭᠤᠷᠢ ᠬᠦᠮᠦᠵᠢᠯ ᠢ ᠨᠦᠯᠦᠭᠡᠯᠡᠬᠦ ᠲᠤᠬᠠᠢ ᠰᠤᠳᠤᠯᠤᠨ᠂ ᠪᠠᠭᠠᠴᠤᠳ ᠤᠨ ᠰᠤᠶᠤᠯ ᠲᠠᠮᠢᠷ ᠤᠨ ᠦᠢᠯᠡᠰ ᠤᠨ | ᠬᠤᠶᠢᠰᠢᠲᠠ ᠶᠢᠨ ᠠᠵᠢᠯ ᠤᠨ ᠲᠣᠬᠠᠢ ᠶᠠᠷᠢᠯᠴᠠᠵᠠᠢ᠃ | ᠣᠲᠤᠷ ᠪᠠᠭᠠᠴᠤᠳ ᠤᠨ ᠨᠠᠭᠠᠳᠤᠮ ᠢ 2013 ᠣᠨ ᠠᠴᠠ ᠡᠬᠢᠯᠡᠨ ᠶᠠᠪᠤᠭᠳᠠᠭᠤᠯᠵᠤ᠂ ᠵᠢᠯ ᠪᠦᠷᠢ ᠡᠯ᠎ᠡ | ᠭᠠᠵᠠᠷ ᠤᠨ ᠬᠡᠦᠬᠡᠳ ᠪᠠᠭᠠᠴᠤᠳ ᠤᠷᠤᠯᠴᠠᠵᠤ᠂ ᠤᠷᠤᠯᠳᠤᠭᠠᠨ ᠤ ᠲᠥᠷᠦᠯ ᠵᠦᠢᠯ ᠨᠢ ᠴᠤ ᠵᠢᠯ ᠠᠴᠠ ᠵᠢᠯ | ᠨᠡᠮᠡᠭᠳᠡᠵᠦ᠂ ᠬᠡᠦᠬᠡᠳ ᠪᠠᠭᠠᠴᠤᠳ ᠲᠤ ᠠᠪᠢᠶᠠᠰ ᠪᠢᠯᠢᠭ ᠢᠶᠠᠨ ᠪᠠᠳᠠᠷᠠᠭᠤᠯᠵᠤ᠂ ᠨᠠᠶᠢᠵᠠᠯᠠᠬᠤ᠂ ᠬᠠᠷᠢᠯᠴᠠᠨ ᠰᠤᠷᠤᠯᠴᠠᠬᠤ | ᠲᠠᠪᠴᠠᠩ ᠢ ᠣᠯᠭᠤᠵᠠᠢ᠃ | |