ᠭᠠᠷ ᠤᠳᠠᠰᠤ ᠪᠠᠷ ᠲᠤᠭᠠᠴᠠᠭ᠎ᠠ ᠬᠢᠬᠦ ᠳᠤ ᠡᠲᠡᠭᠡᠷ ᠰᠠᠨᠠᠭᠠᠰᠢᠷᠠᠯ ᠢ ᠬᠡᠷᠬᠢᠨ ᠠᠷᠢᠯᠭᠠᠬᠤ ᠪᠣᠶ
ᠨᠡᠶᠢᠲᠡᠯᠡᠭᠰᠡᠨ ᠴᠠᠭ᠄
2020/8/3
    ᠣᠶᠢᠷ᠎ᠠ ᠳᠤ᠂ ᠳᠤᠮᠳᠠᠳᠤ ᠤᠯᠤᠰ ᠤᠨ ᠲᠣᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠨᠡᠶᠢᠭᠡᠮᠯᠢᠭ ᠠᠴᠠ  ︽2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠭᠰᠡᠨ ᠬᠡᠷᠡᠭᠯᠡᠭᠴᠢ ᠳᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠭᠰᠡᠨ ᠮᠡᠳᠡᠭᠦᠯᠦᠯᠲᠡ︾ ᠶᠢ ᠨᠡᠶᠢᠲᠡᠯᠡᠵᠦ᠂ 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠭᠰᠡᠨ ᠬᠡᠷᠡᠭᠯᠡᠭᠴᠢ ᠳᠤ ᠲᠣᠳᠣᠷᠬᠠᠶ ᠵᠢᠷᠤᠭ ᠢ ᠵᠢᠷᠤᠵᠦ ᠦᠭᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠤᠭᠠᠴᠠᠭ᠎ᠠ ᠬᠢᠭᠰᠡᠨ  ᠡᠷᠡᠭᠲᠡᠶ ᠬᠡᠷᠡᠭᠯᠡᠭᠴᠢ ᠨᠢ ᠡᠮᠡᠭᠲᠡᠶ ᠬᠡᠷᠡᠭᠯᠡᠭᠴᠢ ᠠᠴᠠ ᠢᠯᠡᠭᠦᠤ ᠪᠠᠶᠢᠵᠤ᠂ ᠡᠵᠡᠯᠡᠬᠦ ᠬᠠᠷᠢᠴᠠᠯ ᠨᠢ ᠲᠦᠷᠦᠭᠦᠤ ᠵᠢᠯ ᠤᠨ ᠬᠢ ᠲᠠᠢ ᠦᠨᠳᠦᠰᠦᠨ ᠳᠡᠭᠡᠨ ᠠᠳᠠᠯᠢᠬᠠᠨ ᠪᠠᠶᠢᠪᠠ︔ ᠣᠯᠠᠩᠬᠢ ᠬᠡᠷᠡᠭᠯᠡᠭᠴᠢ ᠨᠢ ᠡᠳᠦᠷ ᠪᠦᠷᠢ ᠭᠠᠷ ᠤᠳᠠᠰᠤ ᠪᠠᠷ ᠲᠤᠭᠠᠴᠠᠭ᠎ᠠ ᠬᠢᠵᠦ ᠪᠤᠢ︔ ᠵᠢᠷᠤᠭᠠᠰᠤᠨ ᠺᠤᠳ᠋ ᠰᠢᠷᠪᠢᠵᠦ ᠲᠤᠭᠠᠴᠠᠭ᠎ᠠ ᠬᠢᠬᠦ ᠪᠣᠯ ᠬᠡᠷᠡᠭᠯᠡᠭᠴᠢ ᠶᠢᠨ ᠦᠷᠭᠦᠯᠵᠢ ᠬᠡᠷᠡᠭᠯᠡᠳᠡᠭ ᠭᠠᠷ ᠤᠳᠠᠰᠤ ᠪᠠᠷ ᠲᠤᠭᠠᠴᠠᠭ᠎ᠠ‌‍ᠬᠢᠬᠦ ᠠᠷᠭ᠎ᠠ ᠬᠡᠯᠪᠡᠷᠢ ᠪᠣᠯᠤᠨ᠎ᠠ᠂ ᠬᠠᠮᠤᠭ ᠤᠨ ᠭᠤᠤᠯ ᠬᠡᠷᠡᠭᠯᠡᠵᠦ ᠪᠠᠶᠢᠭ᠎ᠠ  ᠭᠠᠵᠠᠷ  ᠪᠤᠯ ᠠᠮᠢᠳᠤᠷᠠᠯ ᠤᠨ ᠬᠡᠷᠡᠭᠯᠡᠭᠡ ᠪᠤᠯᠬᠤ ᠪᠦᠭᠡᠳ ᠣᠯᠠᠨ ᠨᠡᠶᠢᠲᠡ ᠶᠢᠨ ᠶᠠᠪᠤᠵᠤ ᠰᠠᠭᠤᠬᠤ ᠪᠠ ᠤᠰᠤ  ᠴᠠᠬᠢᠯᠭᠠᠨ ᠰᠢᠲᠠᠮᠠᠬᠠᠶ ᠬᠡᠶ ᠶᠢᠨ ᠰᠦᠢᠳᠭᠡᠯ ᠲᠤᠰᠢᠶᠠᠬᠤ ᠳᠤ ᠬᠡᠷᠡᠭᠯᠡᠵᠦ ᠪᠤᠢ᠂ ᠬᠤᠶᠠᠷ ᠬᠡᠮᠵᠢᠯᠳᠦ ᠺᠤᠳ᠋ ᠪᠤᠶᠤ ᠭᠠᠷ ᠤᠳᠠᠰᠤᠨ ᠤ NFC ︵ᠣᠶᠢᠷ᠎ᠠ ᠲᠠᠯᠠᠪᠤᠷ ᠤᠨ ᠴᠢᠮᠡᠭᠡ ᠬᠤᠯᠪᠣᠭ᠎ᠠ︶ ᠶᠢ ᠰᠢᠷᠪᠢᠬᠦ ᠨᠢ ᠬᠡᠷᠡᠭᠯᠡᠭᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠳᠤ ᠰᠠᠭᠤᠬᠤ ᠳᠤ ᠲᠣᠭᠠᠴᠠᠭ᠎ᠠ ᠬᠢᠬᠦ ᠲᠡᠷᠢᠭᠦᠨ ᠰᠣᠩᠭᠤᠯᠲᠠ ᠪᠤᠯᠵᠠᠢ᠃ ᠭᠠᠷ ᠤᠳᠠᠰᠤ ᠪᠠᠷ ᠲᠣᠭᠠᠴᠠᠭ᠎ᠠ ᠬᠢᠬᠦ ᠶᠠᠪᠤᠳᠠᠯ ᠨᠢ ᠦᠳᠲᠡᠷ ᠲᠦᠷᠭᠡᠨ ᠬᠥᠭᠵᠢᠵᠦ᠂ ᠬᠥᠮᠦᠰ ᠲᠤ ᠮᠠᠰᠢ ᠣᠯᠠᠨ ᠲᠥᠬᠦᠮ ᠦᠵᠡᠭᠦᠯᠬᠦ ᠪᠤᠯᠤᠬᠰᠡᠨ ᠪᠣᠯᠪᠠᠴᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠳᠡᠭ ᠬᠡᠷᠡᠭᠯᠡᠭᠴᠢ ᠨᠢ ᠠᠮᠤᠷ ᠲᠦᠪᠰᠢᠨ ᠤ ᠳᠠᠯᠳᠠ ᠬᠡᠮ ᠤᠷᠤᠰᠢᠵᠤ ᠪᠠᠶᠢᠬᠤ ᠪᠠ ᠬᠤᠳᠠᠯᠳᠤᠭᠠᠴᠢᠨ ᠡᠷᠦᠬᠡ ᠳᠡᠮᠵᠢᠬᠦ ᠥᠬᠡᠶ ᠪᠠᠶᠢᠬᠤ ᠠᠴᠠ ᠬᠠᠮᠤᠬ ᠠᠴᠠ ᠰᠠᠨᠠᠭᠠᠰᠢᠷᠠᠬᠰᠠᠭᠠᠷ ᠢᠷᠡᠵᠡᠢ᠂ ᠡᠨᠡᠬᠦ ᠬᠤᠶᠠᠷ ᠵᠦᠢᠯ ᠳᠤ ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠲᠣᠰ ᠲᠣᠰ 65%  ᠪᠠ 61.9% ᠶᠢ ᠡᠵᠡᠯᠡᠵᠦ ᠪᠠᠶᠢᠨ᠎ᠠ᠃ ᠬᠡᠷᠡᠭᠯᠡᠭᠴᠢ ᠳᠤ ᠦᠷᠭᠦᠯᠵᠢ ᠲᠣᠬᠢᠶᠠᠯᠳᠤᠳᠠᠭ ᠠᠮᠤᠷ ᠲᠦᠪᠰᠢᠨ ᠤ ᠠᠰᠠᠭᠤᠳᠠᠯ ᠪᠣᠯ ᠮᠥᠨᠬᠦ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ᠂ ᠲᠠᠩᠰᠠᠨ ᠳᠠᠬᠢ ᠪᠠᠯᠠ ᠮᠥᠩᠭᠦ ᠨᠢ ᠬᠤᠯᠠᠭᠠᠶᠢᠯᠠᠭᠳᠠᠬᠤ ᠪᠠ ᠬᠤᠳᠠᠯ ᠬᠠᠭᠤᠷᠮᠠᠭ ᠵᠢᠷᠤᠭᠠᠰᠤᠨ ᠺᠣᠳ᠋ ᠲᠤ ᠰᠢᠷᠪᠢᠭᠳᠡᠬᠦ ᠶᠠᠪᠤᠳᠠᠯ ᠪᠤᠯᠤᠨ᠎ᠠ᠂ ᠡᠭᠦᠨ ᠳᠤ ᠨᠢᠭᠡᠳᠦᠭᠡᠷ ᠲᠤ ᠵᠢᠭᠰᠠᠭᠠᠭᠳᠠᠭᠰᠠᠨ ᠬᠤᠪᠢ  ᠬᠥᠮᠦᠨ ᠤ ᠮᠡᠳᠡᠭᠡ ᠵᠠᠩᠭᠢ ᠵᠠᠳᠠᠷᠠᠬᠤ ᠶᠠᠪᠤᠳᠠᠯ 80.3% ᠶᠢ ᠡᠵᠡᠯᠡᠵᠦ ᠪᠠᠶᠢᠨ᠎ᠠ᠃ ᠡᠭᠦᠨ ᠠᠴᠠ ᠦᠵᠡᠪᠡᠯ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ   ᠶᠢᠨ  ᠠᠮᠤᠷ ᠲᠦᠪᠰᠢᠨ ᠢ‌‍ᠴᠢᠬᠤᠯᠠᠴᠢᠯᠠᠬᠤ  ᠶᠠᠪᠤᠳᠠᠯ ᠢ ᠦᠷᠭᠦᠯᠵᠢᠯᠡᠨ ᠴᠢᠩᠭᠠᠳᠬᠠᠵᠤ᠂ ᠲᠠᠩᠰᠠᠨ ᠳᠠᠬᠢ  ᠪᠠᠯᠠ ᠮᠥᠩᠭᠦ ᠶᠢᠨ ᠠᠮᠤᠷ ᠲᠦᠪᠰᠢᠨ ᠢ ᠠᠩᠬᠠᠷᠬᠤ ᠶᠢᠨ ᠬᠠᠮᠲᠤ ᠪᠠᠰᠠ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢᠶᠠᠨ ᠬᠠᠮᠠᠭᠠᠯᠠᠬᠤ ᠶᠢ ᠮᠠᠰᠢ‌‍ᠴᠢᠬᠤᠯᠠᠴᠢᠯᠠᠬᠤ ᠬᠡᠷᠡᠭᠳᠡᠢ᠃ ᠲᠤᠰᠬᠠᠶ ᠮᠡᠷᠭᠡᠵᠢᠯᠲᠡᠨ ᠠᠴᠠ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠬᠡᠷᠡᠭᠯᠡᠭᠴᠢ ᠶᠢᠨ ᠮᠡᠳᠡᠭᠡ‌ᠵᠠᠩᠭᠢ ᠶᠢ ᠬᠠᠮᠠᠭᠠᠯᠠᠬᠤ ᠠᠵᠢᠯ ᠢ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠬᠡᠷᠡᠭᠯᠡᠭᠴᠢ ᠶᠢᠨ ᠮᠡᠳᠡᠭᠡ‌ᠵᠠᠩᠭᠢ ᠶᠢ ᠬᠠᠮᠠᠭᠠᠯᠠᠬᠤ ᠲᠦᠷᠢᠮ ᠢ ᠲᠤᠬᠳᠠᠭᠠᠨ ᠪᠦᠷᠢᠨᠰᠢᠬᠦᠯᠵᠦ᠂ ᠰᠡᠷᠭᠡᠭ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠨ᠂ ᠬᠡᠷᠡᠭᠯᠡᠭᠴᠢ ᠶᠢᠨ ᠮᠡᠳᠡᠭᠡ ᠵᠠᠩᠭᠢ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ‌‍ᠬᠡᠷᠡᠭᠲᠡᠶ ᠭᠡᠵᠦ ᠰᠠᠨᠠᠭᠤᠯᠪᠠ᠃ ᠪᠠᠯᠠ ᠮᠥᠩᠭᠦ ᠪᠤᠶᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ ᠶᠠᠭᠠᠬᠢᠪᠠᠯ ᠵᠣᠬᠢᠬᠤ ᠪᠣᠶ︖ᠪᠠᠶᠢᠴᠠᠭᠠᠯᠲᠠ ᠳᠤ ᠢᠯᠡᠷᠡᠬᠦᠯᠦᠭᠰᠡᠨ ᠢᠶᠠᠷ᠂ 2019 ᠣᠨ ᠳᠤ᠂ ᠭᠠᠷ ᠤᠳᠠᠰᠤ ᠪᠠᠷ ᠲᠣᠭᠠᠴᠠᠭ᠎ᠠ ᠬᠢᠳᠡᠭ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠠᠪᠤᠴᠠ ᠳᠤ ᠪᠠᠯᠠ ᠮᠥᠩᠭᠦ ᠬᠤᠬᠢᠷᠠᠬᠤ᠂ ᠮᠡᠳᠡᠭᠡ ᠵᠠᠩᠭᠢ ᠵᠠᠳᠠᠷᠠᠬᠤ ᠵᠡᠷᠭᠡ ᠠᠮᠤᠷ ᠲᠦᠪᠰᠢᠨ ᠤ ᠠᠰᠠᠭᠤᠳᠠᠯ ᠢ ᠤᠯᠵᠤ ᠮᠡᠳᠡᠭᠰᠡᠨ ᠪᠤᠶᠤ ᠡᠶᠢᠮᠦ ᠠᠰᠠᠭᠤᠳᠠᠯ ᠭᠠᠷᠤᠬᠰᠠᠨ ᠦᠶ᠎ᠡ ᠳᠤ᠂ ᠬᠠᠮᠤᠬ ᠠᠴᠠ ᠤᠯᠠᠨ ᠠᠪᠤᠬᠰᠠᠨ ᠠᠷᠭ᠎ᠠ‌‍ᠪᠠᠷᠢᠯ ᠬᠡᠪᠡᠯ ᠪᠠᠩᠬᠢ ᠪᠤᠶᠤ ᠲᠣᠭᠠᠴᠠᠭ᠎ᠠ ᠬᠢᠬᠦ ᠪᠠᠶᠢᠭᠤᠯᠤᠮᠵᠢ ᠲᠠᠢ ᠬᠠᠷᠢᠯᠴᠠᠵᠤ ᠪᠠᠶᠢᠭᠠᠳ ᠲᠤᠭᠠᠴᠠᠭ᠎ᠠ ᠬᠢᠳᠡᠭ ᠬᠠᠮᠢᠶ᠎ᠠ  ᠪᠦᠬᠦᠢ ᠲᠠᠩᠰᠠᠨ ᠨᠣᠮᠧᠷ ᠢᠶᠠᠨ ᠪᠢᠳᠡᠬᠦᠮᠵᠢᠯᠡᠬᠦᠯᠪᠡ᠂ ᠡᠶᠢᠮᠦ ᠬᠡᠷᠡᠭᠯᠡᠭᠴᠢ ᠨᠢ 79.6% ᠶᠢ ᠡᠵᠡᠯᠡᠪᠡ︔ ᠪᠠᠩᠬᠢ  ᠪᠤᠶᠤ ᠲᠣᠭᠠᠴᠠᠭ᠎ᠠ ᠬᠢᠬᠦ ᠪᠠᠶᠢᠭᠤᠯᠤᠮᠵᠢ ᠠᠴᠠ ᠰᠢᠢᠳᠪᠦᠷᠢᠯᠡᠬᠦ ᠠᠷᠭ᠎ᠠ ᠯᠠᠪᠯᠠᠨ ᠠᠰᠠᠭᠤᠬᠰᠠᠨ ᠪᠠ ᠬᠤᠯᠪᠣᠭᠳᠠᠯ ᠪᠥᠬᠦᠶ ᠬᠢᠨᠠᠯᠲᠠ  ᠬᠠᠮᠢᠶᠠᠷᠤᠯᠲᠠ ᠵᠢᠨ‌‍ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠲᠤ  ᠵᠠᠭᠠᠯᠳᠤᠬᠰᠠᠨ᠂ ᠢᠯᠡᠴᠢᠯᠡᠨ ᠮᠡᠳᠡᠭᠦᠯᠦᠭᠰᠡᠨ ᠬᠡᠷᠡᠭᠯᠡᠭᠴᠢ ᠨᠢ‌ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠪᠠ ᠭᠤᠷᠪᠠᠳᠤᠭᠠᠷ ᠲᠤ ᠣᠷᠣᠵᠤ᠂ ᠲᠣᠰ ᠲᠣᠰ 61%  ᠪᠠ 60.7% ᠵᠢ‌ᠡᠵᠡᠯᠡᠪᠡ︔ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠮᠠᠶ᠋ᠢᠭ ᠢ ᠣᠶᠢᠯᠠᠭᠠᠬᠤ ᠥᠬᠡᠶ  ᠬᠡᠷᠡᠭᠯᠡᠭᠴᠢ ᠨᠢ 18.9% ᠵᠢ‌ᠡᠵᠡᠯᠡᠵᠠᠢ᠃ ᠲᠤᠰᠬᠠᠢ ᠮᠡᠷᠭᠡᠵᠢᠯᠳᠡᠨ ᠠᠴᠠ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ  ᠬᠢᠬᠦ  ᠦᠶ᠎ᠡ ᠳᠤ᠂ ᠠᠶᠤᠯ ᠲᠦᠭᠰᠢᠬᠦᠷᠢ ᠶᠢ ᠰᠡᠷᠭᠡᠶᠢᠯᠡᠬᠦ ᠦᠵᠡᠯ ᠤᠬᠠᠮᠰᠠᠷ ᠲᠠᠢ ᠪᠠᠶᠢᠬᠤ ᠬᠡᠷᠡᠭᠳᠡᠢ᠂ ᠢᠯᠠᠩᠭᠤᠶ᠎ᠠ ᠨᠢᠭᠤᠴᠠ ᠳ᠋ᠤᠭᠠᠷ ᠭᠡᠷᠡᠭᠯᠡᠬᠦ ᠦᠭᠡᠢ ᠪᠠᠷ ᠲᠤᠭᠠᠴᠠᠭ᠎ᠠ ᠬᠢᠬᠦ ᠪᠤᠶᠤ ᠠᠦ᠋ᠲ᠋ᠣ᠋ ᠪᠠᠷ ᠵᠣᠭᠤᠰ ᠰᠠᠭᠤᠯᠭᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠰᠣᠩᠭᠤᠬᠰᠠᠨ ᠬᠡᠷᠡᠭᠯᠡᠭᠴᠢ ᠨᠢ ᠭᠠᠷ ᠤᠳᠠᠰᠤᠨ ᠲᠡᠭᠡᠷ᠎ᠡ ᠪᠠᠨ ᠬᠤᠯᠪᠤᠬᠤ ᠦᠶ᠎ᠡ ᠳᠤ ᠬᠤᠯᠪᠣᠭᠳᠠᠯ ᠪᠦᠬᠦᠢ ᠵᠦᠢᠯ  ᠵᠤᠷᠪᠤᠰ ᠢ ᠨᠠᠷᠢᠨ  ᠨᠢᠮᠪᠠᠶ‌ᠤᠩᠰᠢᠵᠤ᠂ ᠬᠠᠷᠢᠭᠤᠴᠠᠯᠭ᠎ᠠ ᠪᠣᠯᠤᠨ ᠲᠦᠭᠰᠢᠭᠦᠷᠢ ᠶᠢ ᠲᠣᠳᠣᠷᠬᠠᠶ ᠮᠡᠳᠡᠬᠦ ᠬᠡᠷᠡᠭᠲᠡᠶ᠃ ᠡᠭᠦᠨ ᠤ ᠬᠠᠮᠳᠤ᠂  ᠭᠠᠷ  ᠤᠳᠠᠰᠤ ᠪᠠᠷ ᠲᠤᠭᠠᠴᠠᠭ᠎ᠠ ᠬᠢᠬᠦ ᠲᠤᠨᠤᠭ ᠤᠨ ᠠᠮᠤᠷ ᠲᠦᠪᠰᠢᠨ ᠢ ᠰᠠᠶᠢᠳᠤᠷ ᠬᠠᠮᠠᠭᠠᠯᠠᠬᠤ ᠬᠡᠷᠡᠭᠳᠡᠢ᠃ ᠲᠤᠨᠤᠭ ᠭᠡᠭᠡᠭᠳᠡᠭᠰᠡᠨ ᠪᠤᠶᠤ  ᠲᠠᠩᠰᠠᠨ‌ᠨᠣᠮᠧᠷ ᠬᠤᠯᠠᠭᠠᠶᠢᠯᠠᠭᠳᠠᠭᠰᠠᠨ ᠢ ᠣᠯᠵᠤ ᠮᠡᠳᠡᠪᠡᠯ᠂ ᠬᠡᠷᠡᠭᠯᠡᠭᠴᠢ ᠨᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ  ᠬᠡᠷᠡᠭᠳᠡᠢ᠂ᠵᠢᠱᠢᠶᠡᠯᠡᠪᠡᠯ ᠨᠢᠭᠤᠴᠠ ᠨᠣᠮᠧᠷ ᠢᠶᠠᠨ ᠦᠭᠡᠷᠡᠴᠢᠯᠡᠵᠦ᠂ ᠬᠠᠮᠢᠶ᠎ᠠ ᠪᠥᠬᠦᠶ ᠡᠷᠬᠡ ᠣᠯᠭᠤᠯᠲᠠ ᠶᠢ  ᠬᠦᠴᠦᠨ ᠥᠬᠡᠶ  ᠪᠣᠯᠭᠠᠵᠤ᠂ ᠡᠵᠡᠩᠨᠡᠭᠴᠢ ᠵᠢᠴᠢ ᠭᠤᠷᠪᠠᠳᠠᠭᠢ ᠡᠲᠡᠭᠡᠳ ᠤᠨ ᠲᠤᠭᠠᠴᠠᠭ᠎ᠠ ᠬᠢᠬᠦ ᠺᠣᠮᠫᠠᠨᠢ ᠲᠠᠢ ᠬᠠᠷᠢᠯᠴᠠᠵᠤ᠂ ᠤᠯᠠᠮ  ᠠᠴᠠ ᠤᠯᠠᠨ ᠵᠤᠭᠤᠰ ᠢ ᠬᠤᠯᠠᠭᠠᠶᠢᠯᠠᠨ ᠰᠢᠷᠪᠢᠬᠦ ᠶᠢ ᠰᠡᠷᠭᠡᠶᠢᠯᠡᠬᠦ ᠬᠡᠷᠡᠭᠲᠡᠶ᠃ ᠨᠢᠭᠡᠨᠲᠡ ᠬᠤᠯᠠᠭᠠᠶᠢᠯᠠᠬᠳᠠᠬᠰᠠᠨ ᠵᠣᠭᠤᠰ ᠮᠦᠡᠭᠭᠦ ᠶᠢᠨ ᠪᠠᠶᠢᠳᠠᠯ ᠢᠶᠠᠨ ᠴᠠᠭ ᠲᠤᠬᠠᠶ ᠳᠤᠨᠢ ᠲᠣᠭᠠᠴᠠᠭ᠎ᠠ ᠬᠢᠬᠦ ᠲᠠᠪᠴᠠᠩ ᠳᠤ ᠲᠤᠰᠬᠠᠵᠤ᠂ ᠬᠠᠮᠢᠶ᠎ᠠ  ᠪᠦᠬᠦᠢ ᠮᠡᠳᠡᠭᠡ ᠵᠠᠩᠭᠢ ᠪᠠᠨ ᠲᠤᠰᠢᠶᠠᠵᠤ᠂ ᠭᠡᠷᠡᠴᠢ ᠪᠠᠷᠢᠮᠲᠠ ᠶᠢ ᠬᠠᠳᠠᠭᠠᠯᠠᠵᠤ᠂ ᠬᠤᠵᠢᠮ ᠪᠦᠲᠦᠮᠵᠢᠲᠡᠶ ᠪᠠᠷ ᠡᠷᠬᠡ ᠪᠠᠨ ᠬᠠᠮᠠᠭᠠᠯᠠᠬᠤ ᠳᠤ ᠳᠥᠭᠦᠮ ᠪᠤᠯᠭᠠᠵᠤ᠂ ᠴᠢᠬᠤᠯᠠ ᠲᠠᠢ‌ᠦᠶ᠎ᠡ ᠳᠤ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠵᠶ᠋ᠠᠨ‌ᠬᠠᠮᠠᠭᠠᠯᠠᠵᠤ ᠪᠣᠯᠤᠨ᠎ᠠ ᠬᠡᠵᠦ ᠰᠠᠨᠠᠭᠤᠯᠵᠠᠢ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2018 ᠣᠨ ᠢ ᠪᠤᠳᠤᠪᠠᠯ᠂ ᠬᠥᠮᠦᠨ ᠤ  ᠵᠢᠰᠦ ᠶᠢ ᠢᠯᠭᠠᠨ ᠲᠠᠨᠢᠬᠤ ᠮᠡᠷᠭᠡᠵᠢᠯ ᠢ ᠣᠶᠢᠯᠠᠭᠠᠬᠤ ᠭᠠᠷ ᠤᠳᠠᠰᠤ ᠪᠠᠷ ᠲᠣᠭᠠᠴᠠᠭ᠎ᠠ ᠬᠢᠬᠦ ᠬᠡᠷᠡᠭᠯᠡᠭᠴᠢ 10 ᠵᠠᠭᠤᠨ ᠤ ᠬᠤᠪᠢ ᠶᠢᠨ ᠴᠡᠭ ᠰᠢᠬᠠᠮ ᠨᠡᠮᠡᠭᠳᠡᠵᠦ᠂ 84.4% ᠶᠢᠨ ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ ᠲᠠᠨᠢᠬᠤ ᠮᠡᠷᠭᠡᠵᠢᠯ ᠢᠶᠠᠷ ᠭᠠᠷ ᠤᠳᠠᠰᠤ ᠪᠠᠷ ᠲᠤᠭᠠᠴᠠᠭ᠎ᠠ ᠬᠢᠬᠦ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠠᠷᠠᠯᠵᠢᠶ᠎ᠡ ᠬᠢᠬᠦ ᠶᠢ ᠰᠢᠯᠭᠠᠨ ᠪᠠᠲᠤᠯᠠᠬᠤ ᠶᠢ ᠬᠦᠯᠢᠶᠡᠨ ᠠᠪᠴᠤ ᠬᠡᠷᠡᠭᠯᠡᠵᠦ ᠪᠠᠶᠢᠨ᠎ᠠ᠃ ᠭᠡᠪᠡᠴᠦ ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠬᠦ ᠳᠡᠭᠡᠨ ᠡᠩ ᠲᠡᠷᠢᠭᠦᠨ ᠳᠤ ᠮᠦᠨᠬᠦ ᠬᠤᠪᠢ ᠬᠥᠮᠦᠨ ᠤ ᠨᠢᠭᠤᠴᠠ ᠵᠠᠳᠠᠷᠠᠬᠤ ᠪᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠲᠤᠬᠠᠢ ᠰᠠᠨᠠᠭᠠᠰᠢᠷᠠᠬᠰᠠᠭᠠᠷ  ᠢᠷᠡᠵᠡᠢ᠂ ᠡᠳᠡᠭᠡᠷ ᠵᠦᠢᠯ ᠳᠤ ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠨᠢ ᠲᠣᠰ ᠲᠣᠰ 76.9% ᠪᠠ 71.3% ᠡᠵᠡᠯᠡᠵᠦ ᠪᠠᠶᠢᠨ᠎ᠠ᠃ ᠠᠵᠢᠯ ᠲᠥᠷᠥᠯ ᠤᠨ ᠬᠥᠮᠦᠰ ᠤᠨ ᠦᠵᠡᠬᠦ ᠪᠠᠷ᠂ ᠲᠦᠢᠯ ᠤᠨ ᠠᠮᠤᠷ ᠲᠦᠪᠰᠢᠨ ᠮᠡᠷᠭᠡᠵᠢᠯ ᠭᠡᠵᠦ ᠪᠠᠶᠢᠬᠤ ᠥᠬᠡᠶ᠂ ᠵᠢᠱᠢᠶᠡᠯᠡᠪᠡᠯ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠨᠢ ᠨᠢᠭᠡᠨᠲᠡ ᠮᠠᠰᠢ ᠣᠯᠠᠨ ᠬᠦᠷᠢᠶᠡᠨ ᠳᠤ  ᠬᠡᠷᠡᠭᠯᠡᠭᠳᠡᠵᠦ ᠪᠠᠶᠢᠨ᠎ᠠ᠂ ᠲᠡᠷᠡ ᠨᠢ ᠤᠯᠠᠮᠵᠢᠯᠠᠯᠲᠤ ᠨᠢᠭᠤᠴᠠ ᠨᠣᠮᠧᠷ᠂ ᠴᠢᠫ ᠢ ᠪᠤᠳᠤᠪᠠᠯ ᠮᠠᠰᠢ ᠣᠯᠠᠨ ᠥᠪᠡᠷᠮᠢᠴᠡ ᠳᠠᠪᠠᠭᠤᠯᠢᠭ ᠲᠠᠯ᠎ᠠ ᠲᠠᠢ ᠪᠣᠯᠪᠠᠴᠤ ᠪᠠᠰᠠ ᠲᠠᠶᠢᠯᠤᠬᠳᠠᠵᠤ ᠮᠡᠳᠡᠨ᠎ᠡ᠃ ᠠᠮᠤᠷ ᠲᠦᠪᠰᠢᠨ ᠤ ᠲᠠᠯ᠎ᠠ ᠠᠴᠠ  ᠪᠣᠳᠣᠯᠬᠢᠯᠠᠪᠠᠯ᠂ ᠬᠠᠮᠤᠭ ᠰᠠᠶᠢᠨ ᠨᠢ ᠣᠯᠠᠨ‌ᠵᠦ᠋ᠢᠯ ᠤᠨ ᠰᠢᠯᠭᠠᠨ ᠪᠠᠲᠤᠯᠠᠬᠤ ᠠᠷᠭ᠎ᠠ ᠮᠠᠶ᠋ᠢᠭ ᠢ ᠰᠣᠯᠪᠢᠴᠠᠭᠤᠯᠤᠨ ᠬᠡᠷᠡᠭᠯᠡᠵᠦ᠂ ᠢᠯᠠᠩᠭᠤᠶ᠎ᠠ ᠠᠮᠤᠷ ᠲᠦᠪᠰᠢᠨ ᠤ ᠱᠠᠭᠠᠷᠳᠠᠯᠭ᠎ᠠ ᠲᠦᠢᠯ ᠤᠨ ᠥᠨᠳᠥᠷ ᠮᠥᠩᠭᠦᠨ ᠬᠦᠢᠯᠭᠡᠭᠡᠨ ᠤ ᠲᠠᠯᠠᠪᠠᠢ ᠳᠤ ᠬᠡᠷᠡᠭᠯᠡᠬᠦ ᠬᠡᠷᠡᠭᠳᠡᠢ᠃ ᠵᠢᠱᠢᠶᠡᠯᠡᠪᠡᠯ᠂ ᠬᠡᠷᠡᠯ ᠵᠢᠷᠤᠭ᠂ ᠸᠢᠳᠢᠣ᠋ ᠨᠡᠪᠲᠡᠷᠡᠭᠦᠯᠭᠡ᠂ 3D ᠲᠣᠯᠣᠭᠠᠶ ᠶᠢᠨ ᠪᠦᠷᠬᠦᠪᠴᠢ ᠵᠡᠷᠭᠡ ᠬᠠᠭᠤᠷᠮᠠᠭ ᠨᠢᠭᠤᠷ ᠤᠨ ᠳᠠᠭᠠᠷᠢᠯᠲᠠ ᠶᠢ ᠰᠡᠷᠭᠡᠶᠢᠯᠡᠬᠦ ᠶᠢᠨ ᠲᠥᠯᠥᠭᠡ᠂ ᠪᠠᠩᠬᠢ ᠨᠢ ᠨᠢᠭᠤᠷ ᠢᠶᠠᠨ ᠰᠢᠷᠪᠢᠵᠦ ᠵᠣᠭᠤᠰ ᠭᠠᠷᠭᠠᠨ ᠠᠪᠬᠤ ᠶᠢᠨ ᠵᠡᠷᠭᠡᠪᠡᠷ ᠬᠥᠮᠦᠨ ᠤ ᠵᠢᠰᠦ ᠶᠢ ᠢᠯᠭᠠᠨ ᠲᠠᠨᠢᠬᠤ᠂ ᠭᠠᠷ‌ᠤᠲᠠᠰᠤᠨ ᠤ ᠨᠣᠮᠧᠷ ᠪᠤᠶᠤ ᠪᠡᠶ᠎ᠡ ᠶᠢᠨ ᠦᠨᠡᠮᠯᠡᠯ ᠢ ᠰᠢᠯᠭᠠᠨ ᠪᠠᠲᠤᠯᠠᠬᠤ᠂ ᠨᠢᠭᠤᠴᠠ ᠨᠣᠮᠧᠷ ᠢ ᠰᠢᠯᠭᠠᠨ  ᠪᠠᠲᠤᠯᠠᠬᠤ ᠭᠤᠷᠪᠠᠨ ᠳᠠᠪᠬᠤᠷ ᠬᠠᠮᠠᠭᠠᠯᠠᠯᠲᠠ ᠬᠢᠬᠦ ᠬᠡᠷᠡᠭᠳᠡᠢ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号