ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠮᠠᠨ ᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠬᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ
ᠨᠡᠶᠢᠲᠡᠯᠡᠭᠰᠡᠨ ᠴᠠᠭ᠄
2020/8/30
     ᠣᠶᠢᠷ᠎ᠠ ᠳᠤ᠂ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠤᠳᠤᠯᠤᠨ᠂ ᠰᠤᠷᠭᠠᠨ ᠬᠥᠮᠥᠵᠢᠯ ᠤᠨ ᠲᠢᠩᠬᠢᠮ ᠠᠴᠠ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠡᠷᠡᠭᠵᠢᠭᠦᠯᠬᠦ ᠲᠥᠰᠥᠯ︾  ᠢ ᠳᠠᠷᠤᠮᠠᠯᠯᠠᠨ ᠲᠠᠷᠬᠠᠭᠠᠵᠤ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠬᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠰᠤᠷᠭᠠᠨ ᠬᠥᠮᠥᠵᠢᠯ ᠤᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ 2021 ᠣᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠨᠢᠭᠡᠳᠦᠯᠲᠡᠢ ᠨᠠᠶᠢᠷᠠᠭᠤᠯᠤᠭᠰᠠᠨ ︽ᠶᠣᠰᠣ ᠮᠤᠷᠠᠯ ᠬᠢᠬᠡᠳ ᠬᠠᠤᠯᠢ ᠪᠠᠷ ᠵᠠᠰᠠᠬᠤ︾ ︵ᠤᠯᠤᠰ ᠲᠥᠷᠥ︶ ᠶᠢᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠂ 2022 ᠣᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠨᠢᠭᠡᠳᠦᠯᠳᠡᠢ ᠨᠠᠶᠢᠷᠠᠭᠤᠯᠤᠭᠰᠠᠨ ︽ᠲᠡᠦᠬᠡ︾  ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠨ᠎ᠡ᠃ ᠨᠢᠭᠡᠳᠦᠯᠲᠡᠢ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠤᠰᠤᠳ ᠬᠢᠴᠢᠶᠡᠯ ᠲᠥᠷᠥᠯ ᠤᠨ ᠬᠢᠴᠢᠶᠡᠯ ᠤᠨ ᠲᠣᠬᠢᠷᠠᠭᠤᠯᠤᠯᠲᠠ ᠶᠢ ᠬᠤᠪᠢᠷᠠᠭᠠᠬᠤ ᠦᠭᠡᠢ᠂ ᠬᠡᠷᠡᠭᠯᠡᠵᠦ ᠪᠠᠶᠢᠭ᠎ᠠ ᠵᠢᠭᠠᠬᠤ ᠮᠠᠲ᠋ᠧᠷᠢᠶᠠᠯ ᠢ ᠬᠤᠪᠢᠷᠠᠭᠠᠬᠤ ᠦᠭᠡᠢ᠂ ᠬᠢᠴᠢᠶᠡᠯᠯᠡᠭᠡ ᠶᠢᠨ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠂ ᠣᠳᠣᠬᠠᠨ ᠤ ᠬᠤᠣᠰ ᠬᠡᠯᠡᠨ ᠤ ᠰᠤᠷᠭᠠᠨ ᠬᠥᠮᠥᠵᠢᠯ ᠤᠨ ᠰᠢᠰᠲ᠋ᠧᠮ ᠢ ᠬᠤᠪᠢᠷᠠᠭᠤᠯᠬᠤ ᠦᠭᠡᠢ ᠶᠤᠮ᠃ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠲᠤᠳᠤᠭᠠᠳᠤ ᠲᠤᠬᠢᠷᠠᠭᠤᠯᠭ᠎ᠠ᠂ ᠬᠤᠰᠢᠭᠤ ᠰᠢᠶᠠᠨ ᠤ ᠬᠡᠪᠴᠢᠶᠡᠨ ᠤ ᠲᠤᠳᠤᠷᠠᠬᠢ ᠰᠤᠷᠭᠠᠭᠤᠯᠢ ᠨᠤᠭᠤᠳ ᠤᠨ ᠬᠤᠭᠤᠷᠤᠨᠳᠤᠬᠢ ᠬᠠᠷᠢᠯᠴᠠᠭ᠎ᠠ᠂ ᠠᠵᠢᠯ ᠠᠴᠠ ᠪᠠᠨ ᠠᠮᠠᠷᠬᠠᠰᠠᠨ ᠪᠠᠭᠰᠢ ᠨᠠᠷ ᠢ ᠲᠠᠬᠢᠨᠳᠠ ᠤᠷᠢᠬᠤ ᠵᠡᠷᠬᠡ ᠠᠷᠭ᠎ᠠ ᠬᠡᠯᠪᠡᠷᠢ ᠪᠠᠷ ᠨᠢᠬᠡᠳᠦᠯᠳᠡᠢ ᠨᠠᠶᠢᠷᠠᠭᠤᠯᠤᠨᠨᠰᠠᠨ ︽ᠬᠡᠯᠡ ᠪᠢᠴᠢᠭ︾ ᠤᠨ ᠬᠢᠴᠢᠶᠡᠯ ᠤᠨ ᠪᠠᠭᠰᠢ ᠲᠤᠬᠢᠷᠠᠭᠤᠯᠬᠤ ᠶᠢ ᠦᠨᠡᠨ ᠬᠦ ᠪᠠᠳᠤᠯᠠᠨ᠎ᠠ᠃ ᠡᠭᠦᠨ ᠤ ᠬᠠᠮᠳᠤ᠂ ᠵᠢᠭᠠᠨ ᠰᠤᠷᠭᠠᠬᠤ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠨ᠂ ᠲᠦᠪᠯᠡᠷᠡᠭᠦᠯᠦᠨ ᠪᠤᠯᠪᠠᠰᠤᠷᠠᠭᠤᠯᠬᠤ ᠪᠠ ᠰᠦᠯᠵᠢᠶ᠎ᠡ ᠪᠠᠷ ᠪᠤᠯᠪᠠᠰᠤᠷᠠᠭᠤᠯᠬᠤ ᠪᠠᠷ ᠭᠤᠣᠯ ᠪᠣᠯᠭᠠᠨ᠂ ᠰᠦᠯᠵᠢᠶ᠎ᠡ ᠪᠠᠷ ᠲᠠᠪᠲᠠᠨ ᠪᠤᠯᠪᠠᠰᠤᠷᠠᠭᠤᠯᠬᠤ ᠪᠠ ᠰᠤᠷᠭᠠᠭᠤᠯᠢ ᠶᠢᠨ ᠳᠣᠲᠣᠷ᠎ᠠ ᠰᠤᠳᠤᠯᠵᠤ ᠪᠤᠯᠪᠠᠰᠤᠷᠠᠭᠤᠯᠬᠤ᠂ ᠭᠦᠳᠡᠭᠡ ᠲᠤᠰᠬᠤᠨ ᠳᠤ ᠤᠴᠢᠵᠦ ᠵᠢᠭᠠᠵᠦ ᠪᠤᠯᠪᠠᠰᠤᠷᠠᠭᠤᠯᠬᠤ ᠵᠢᠴᠢ ︽ᠨᠢᠬᠡ ᠳᠤ ᠨᠢᠬᠡ ᠶᠢ ᠲᠤᠬᠢᠷᠠᠭᠤᠯᠤᠨᠨᠰᠠᠨ︾ ᠬᠠᠪᠰᠤᠷᠤᠨ ᠲᠡᠳᠬᠦᠬᠦ ᠶᠢ ᠤᠶᠠᠯᠳᠤᠭᠤᠯᠬᠤ ᠵᠡᠷᠬᠡ ᠬᠡᠯᠪᠡᠷᠢ ᠪᠠᠷ ᠪᠤᠯᠪᠠᠰᠤᠷᠠᠯ ᠢ ᠦᠷᠨᠢᠬᠦᠯᠦᠨ᠎ᠠ᠃ ᠨᠢᠬᠡᠳᠦᠯᠳᠡᠢ ᠨᠠᠶᠢᠷᠠᠭᠤᠯᠤᠨᠨᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠢᠭᠠᠨ ᠰᠤᠷᠭᠠᠯᠳᠠ ᠶᠢᠨ ᠱᠠᠭᠠᠷᠳᠠᠯᠭ᠎ᠠ ᠳᠤ ᠲᠦᠷ ᠴᠠᠭ ᠨᠡᠶᠢᠴᠡᠬᠦ ᠦᠬᠡᠢ ᠪᠠᠭᠰᠢ ᠨᠠᠷ ᠢ ᠬᠤᠰᠢᠭᠤ ᠰᠢᠶᠠᠨ ᠢᠶᠠᠷ ᠨᠢᠬᠡᠴᠢ ᠪᠤᠯᠭᠠᠨ ᠲᠤᠰ ᠬᠠᠷᠢᠶᠠᠨ ᠤ ᠬᠡᠪᠴᠢᠶᠡᠨ ᠳᠠᠬᠢ ᠲᠤᠮᠳᠠᠳᠤ ᠪᠠᠭ᠎ᠠ ᠰᠤᠷᠭᠠᠭᠤᠯᠢ ᠳᠤ ︽ᠨᠢᠬᠡ ᠳᠤ ᠨᠢᠬᠡ ᠶᠢ ᠲᠤᠬᠢᠷᠠᠭᠤᠯᠤᠨᠨᠰᠠᠨ︾ ᠰᠦᠯᠵᠢᠶᠡᠨ ᠭᠠᠳᠠᠭᠤᠷᠬᠢ ᠠᠵᠢᠯ ᠤᠨ ᠪᠠᠶᠢᠷᠢ ᠳᠤᠨᠢ ᠳᠠᠭᠠᠭᠤᠯᠤᠨ ᠪᠤᠯᠪᠠᠰᠤᠷᠠᠭᠤᠯᠬᠤ ᠶᠢ ᠵᠤᠬᠢᠶᠠᠨ ᠪᠠᠶᠢᠭᠤᠯᠵᠦ᠂ ᠲᠡᠳᠡᠨ ᠤ ᠠᠵᠢᠯᠳᠠᠨ ᠤ ᠶᠠᠪᠤᠳᠠᠯ ᠤᠨ ᠪᠡᠶ᠎ᠡ ᠶᠢᠨ ᠭᠠᠷᠤᠯ᠂ ᠡᠭᠦᠷᠬᠡ ᠲᠤᠰᠢᠶᠠᠯ ᠮᠡᠷᠬᠡᠵᠢᠯ ᠤᠨ ᠴᠤᠯᠠ᠂ ᠴᠠᠯᠢᠩ ᠮᠦᠩᠬᠦ ᠶᠢᠨ ᠤᠯᠭᠤᠮᠵᠢ ᠵᠡᠷᠬᠡ ︽ᠭᠤᠷᠪᠠ ᠶᠢ ᠬᠤᠪᠢᠷᠠᠭᠤᠯᠬᠤ ᠦᠬᠡᠢ ︾ ᠪᠠᠶᠢᠵᠦ᠂ ᠪᠠᠭᠰᠢ ᠨᠠᠷ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ ᠡᠭᠦᠨ ᠠᠴᠠ ᠭᠠᠳᠠᠨ᠎ᠠ᠂ ᠪᠦᠬᠦ ᠤᠷᠤᠨ ᠤ ᠡᠯ᠎ᠡ ᠭᠠᠵᠠᠷ ᠤᠨ ᠬᠢᠨ ᠦᠪᠦᠷ ᠮᠤᠩᠭᠤᠯ ᠤᠨ ᠰᠤᠷᠭᠠᠨ ᠭᠦᠮᠦᠵᠢᠯ ᠤᠨ ᠡᠭᠦᠯᠡᠨ ᠲᠠᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠬᠢᠬᠡᠳ ᠦᠪᠦᠷ ᠮᠤᠩᠭᠤᠯ ᠤᠨ ᠤᠳᠠᠰᠤᠳᠤ ᠲᠧᠯᠸᠢᠰ ᠢ ᠠᠰᠢᠨᠨᠯᠠᠨ ︽ᠵᠡᠷᠬᠡᠴᠡᠭᠡ ᠬᠢᠴᠢᠶᠡᠯᠯᠡᠭᠡ︾ ᠶᠢᠨ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠨᠡᠬᠡᠬᠡᠨ ᠭᠦᠭᠵᠢᠬᠦᠯᠵᠦ᠂ ᠰᠤᠷᠤᠨᠨᠴᠢᠳ ᠤᠨ ᠪᠡᠶ᠎ᠡ ᠪᠠᠨ ᠲᠠᠭᠠᠭᠠᠵᠦ ᠰᠤᠷᠤᠯᠴᠠᠬᠤ ᠪᠠ ᠪᠠᠭᠰᠢ ᠨᠠᠷ ᠢ ᠪᠤᠯᠪᠠᠰᠤᠷᠠᠭᠤᠯᠬᠤ ᠳᠤ ᠬᠡᠷᠡᠭᠯᠡᠭᠦᠯᠬᠦ ᠪᠠᠷ ᠬᠠᠩᠭᠠᠨ᠎ᠠ᠃ ᠡᠯ᠎ᠡ ᠭᠠᠵᠠᠷ ᠤᠨ ᠵᠢᠭᠠᠬᠤ ᠶᠢ ᠰᠤᠳᠤᠯᠬᠤ ᠰᠠᠯᠠᠭ᠎ᠠ ᠮᠦᠴᠢᠷ ᠨᠢ ᠰᠤᠷᠤᠯᠭ᠎ᠠ ᠶᠢᠨ ᠪᠠᠶᠢᠳᠠᠯ ᠳᠤ ᠵᠠᠳᠠᠯᠤᠯᠳᠠ ᠬᠢᠬᠦ ᠶᠢ ᠬᠢᠨᠠᠮᠠᠭᠠᠢ ᠦᠷᠨᠢᠬᠦᠯᠦᠨ᠂ ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠳᠠ ᠶᠢᠨ ᠦᠨᠡᠯᠡᠯᠳᠡ ᠶᠢ ᠴᠠᠭ ᠲᠤᠨᠢ ᠲᠤᠬᠢᠷᠠᠭᠤᠯᠤᠨ ᠦᠷᠨᠢᠬᠦᠯᠵᠦ᠂ ᠵᠢᠭᠠᠨ ᠰᠤᠷᠭᠠᠯᠳᠠ ᠶᠢᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠦᠨᠡᠨ ᠬᠦ ᠪᠠᠳᠤᠯᠠᠨ᠎ᠠ᠃
 
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠦᠨ ᠲᠠᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号