ᠮᠠᠨ ᠤ ᠬᠤᠰᠢᠭᠤ ᠨᠢᠰᠬᠡᠯ ᠤᠨ ᠪᠠᠭᠤᠳᠠᠯ ᠤᠨ ᠠᠩᠬᠠᠨ ᠤ ᠨᠢᠰᠦᠯᠳᠡ ᠶᠢᠨ ᠶᠣᠰᠣᠯᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠣᠭᠤᠯᠣᠬᠰᠠᠨ
ᠨᠡᠶᠢᠲᠡᠯᠡᠭᠰᠡᠨ ᠴᠠᠭ᠄
2020/8/31
                                                   ᠪᠠ᠊ ᠤᠷᠢᠬᠠᠨ     ᠰᠢᠨᠵᠢᠯᠡᠲᠦ  ᠮᠡᠳᠡᠭᠡᠯᠡᠪᠡ     8 ᠰᠠᠷ᠎ᠠ ᠶᠢᠨ 24 ᠤ ᠡᠳᠦᠷ᠂ ᠮᠠᠨ ᠤ ᠬᠤᠰᠢᠭᠤ ᠨᠢᠰᠬᠡᠯ ᠤᠨ ᠪᠠᠭᠤᠳᠠᠯ ᠤᠨ ᠠᠩᠬᠠᠨ ᠤ ᠨᠢᠰᠦᠯᠳᠡ ᠶᠢᠨ ᠶᠣᠰᠣᠯᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠣᠭᠤᠯᠵᠦ᠂ ᠨᠢᠰᠬᠡᠯ ᠤᠨ ᠪᠠᠭᠤᠳᠠᠯ ᠤᠨ ᠠᠩᠬᠠᠨ ᠤ ᠨᠢᠰᠦᠯᠳᠡ ᠶᠢᠨ ᠶᠣᠰᠣᠯᠠᠯ ᠤᠨ ᠬᠠᠮᠢᠶ᠎ᠠ ᠪᠦᠬᠦᠢ ᠠᠵᠢᠯ ᠳᠤ ᠪᠠᠶᠢᠷᠯᠠᠭᠤᠯᠤᠯᠳᠠ ᠬᠢᠪᠡ᠃     ᠬᠤᠷᠠᠯ ᠳᠡᠭᠡᠷ᠎ᠡ᠂ ᠮᠠᠨ ᠤ ᠬᠤᠰᠢᠭᠤᠨ ᠤ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠩᠬᠠᠨ ᠤ ᠨᠢᠰᠦᠯᠳᠡ ᠶᠢᠨ ᠶᠤᠰᠤᠯᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠢᠰᠦᠯᠲᠡ ᠶᠢᠨ ᠦᠵᠡᠬᠦᠯᠦᠯᠭᠡ ᠶᠢᠨ ᠳᠤᠭᠤᠶᠢᠯᠠᠩ᠂ ᠠᠮᠤᠷ ᠲᠦᠪᠰᠢᠨ ᠢ ᠪᠠᠲᠤᠯᠠᠬᠤ ᠳᠤᠭᠤᠶᠢᠯᠠᠩ᠂ ᠤᠬᠠᠭᠤᠯᠤᠨ ᠮᠡᠳᠡᠭᠡᠯᠡᠬᠦ ᠳᠤᠭᠤᠶᠢᠯᠠᠩ ᠵᠡᠷᠭᠡ ᠡᠯ᠎ᠡ ᠳᠤᠭᠤᠶᠢᠯᠠᠩ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃     ᠬᠤᠷᠠᠯ ᠳᠡᠭᠡᠷ᠎ᠡ᠂ ᠳᠠᠪᠰᠢᠯᠲᠤ  ᠶᠠᠷᠢᠶ᠎ᠡ ᠭᠢᠵᠦ᠂ ᠨᠢᠰᠬᠡᠯ ᠤᠨ ᠪᠠᠭᠤᠳᠠᠯ ᠤᠨ ᠨᠢᠰᠦᠯᠳᠡ ᠨᠡᠪᠲᠡᠷᠡᠬᠦ ᠶᠢ ᠪᠡᠶᠡᠯᠡᠭᠦᠯᠬᠦ ᠪᠣᠯ ᠣᠳᠣᠬᠠᠨ ᠤ ᠮᠠᠨ ᠤ ᠬᠤᠰᠢᠭᠤᠨ ᠤ ᠬᠠᠮᠤᠭ ᠤᠨ ᠴᠢᠬᠤᠯᠠ ᠠᠵᠢᠯ ᠡᠭᠦᠷᠭᠡ ᠶᠢᠨ ᠨᠢᠭᠡ ᠪᠣᠯᠤᠨ᠎ᠠ᠃ ᠡᠯ᠎ᠡ ᠠᠵᠢᠯ ᠤᠨ ᠳᠤᠭᠤᠶᠢᠯᠠᠩ ᠨᠢ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠨᠠᠷᠢᠨ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠲᠠ ᠬᠠᠮᠵᠢᠯᠴᠠᠨ᠂ ᠨᠢᠰᠬᠡᠯ ᠤᠨ ᠪᠠᠭᠤᠳᠠᠯ ᠤᠨ ᠨᠢᠰᠦᠯᠳᠡ ᠨᠡᠪᠲᠡᠷᠡᠬᠦ ᠳᠤ ᠵᠣᠬᠢᠶᠠᠨ ᠪᠠᠶᠢᠭᠤᠯᠤᠯᠲᠠ ᠡᠮᠬᠢ ᠵᠢᠷᠤᠮ ᠲᠠᠢ᠂ ᠲᠣᠬᠢᠷᠠᠭᠤᠯᠤᠯᠲᠠ ᠬᠦᠴᠦᠲᠡᠶ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠢᠰᠬᠡᠯ ᠤᠨ ᠪᠠᠭᠤᠳᠠᠯ ᠤᠨ ᠠᠩᠬᠠᠨ ᠤ ᠨᠢᠰᠦᠯᠳᠡ ᠤᠨ ᠶᠣᠰᠣᠯᠠᠯ ᠤᠨ ᠵᠣᠴᠢᠨ ᠤᠭᠳᠤᠬᠤ ᠤᠷᠢᠯᠭ᠎ᠠ᠂ ᠠᠮᠤᠷ ᠲᠦᠪᠰᠢᠨ ᠢ ᠪᠠᠲᠤᠯᠠᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠠᠳᠬᠤᠨ᠂ ᠠᠶᠠᠯᠠᠯ ᠨᠡᠪᠲᠡᠷᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠭᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠧᠯᠸᠢᠰ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠮᠠᠨ ᠤ ᠬᠤᠰᠢᠭᠤᠨ ᠤ ᠢᠶᠠᠨ ᠪᠤᠲᠠᠲᠤ ᠪᠠᠶᠢᠳᠠᠯ ᠲᠠᠢ ᠣᠶᠠᠯᠳᠣᠭᠤᠯᠣᠨ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ᠂ ᠣᠯᠠᠨ ᠬᠠᠷᠠᠭᠠᠰᠤ ᠠᠴᠠ ᠣᠬᠠᠭᠤᠯᠣᠨ᠂ ᠡᠯ᠎ᠡ ᠠᠵᠢᠯᠯᠠᠬᠤ ᠳᠤᠭᠤᠶᠢᠯᠠᠩ ᠨᠢ ᠨᠢᠭᠲᠠ ᠬᠠᠮᠵᠢᠯᠴᠠᠵᠦ᠂ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠲᠣᠰ ᠲᠣᠰ ᠤᠨ ᠠᠵᠢᠯ ᠤᠨ ᠬᠤᠪᠢᠶᠠᠷᠢᠯᠠᠯ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠠᠩᠬᠠᠨ ᠤ ᠠᠶᠠᠯᠠᠯ ᠤᠨ ᠶᠣᠰᠣᠯᠠᠯ ᠠᠴᠠ ᠡᠮᠦᠨᠡᠬᠢ ᠡᠯ᠎ᠡ ᠵᠦᠢᠯ ᠤᠨ ᠪᠡᠯᠡᠳᠭᠡᠯ ᠠᠵᠢᠯ ᠢ ᠪᠦᠬᠦᠨ ᠢ ᠪᠡᠶᠡᠯᠡᠭᠦᠯᠭᠦ ᠶᠢ ᠪᠠᠲᠤᠯᠠᠵᠤ᠂ ᠠᠶᠠᠯᠠᠯ ᠨᠡᠪᠲᠡᠷᠡᠬᠦ ᠰᠠᠶᠢᠨ ᠰᠠᠶᠢᠬᠠᠨ ᠠᠵᠠ ᠲᠣᠬᠢᠶᠠᠯ ᠢ ᠭᠦᠢᠴᠡᠳ ᠠᠰᠢᠭᠯᠠᠵᠤ᠂ ᠠᠭᠠᠷ ᠤᠨ ᠠᠶᠠᠯᠠᠯ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠢᠰᠬᠡᠯ ᠤᠨ ᠪᠠᠭᠤᠳᠠᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠶᠢᠨ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠶᠢᠷ᠎ᠠ ᠵᠠᠮ ᠤᠨ ᠲᠡᠭᠡᠭᠡᠪᠦᠷᠢ ᠶᠢᠨ ᠣᠷᠣᠨ ᠪᠦᠰᠡ ᠶᠢᠨ ᠲᠣᠣᠷ ᠰᠦᠯᠵᠢᠶ᠎ᠡ ᠶᠢ ᠭᠦᠢᠴᠡᠳ ᠠᠰᠢᠭᠯᠠᠵᠤ᠂ ᠤᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠤᠨ ᠨᠡᠭᠡᠭᠡᠨ ᠠᠰᠢᠭᠯᠠᠯᠲᠠ ᠪᠠ ᠡᠵᠡᠩᠨᠡᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠭᠡᠷᠡᠭᠳᠡᠢ ᠭᠡᠵᠦ ᠵᠢᠭᠠᠵᠠᠢ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠤ ᠠᠴᠠ᠂ ᠥᠩᠭᠡᠷᠡᠭᠰᠡᠨ ᠨᠢᠭᠡ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠡᠯᠡᠳᠭᠡᠯ ᠠᠵᠢᠯ ᠢ ᠦᠷ᠎ᠡ ᠪᠦᠲᠦᠮᠵᠢ ᠲᠠᠢ ᠪᠡᠶᠡᠯᠡᠭᠦᠯᠵᠡᠢ᠂ ᠳᠠᠷᠠᠭ᠎ᠠ ᠠᠯᠬᠤᠮ ᠳᠤ ᠨᠠᠷᠢᠨ ᠵᠣᠬᠢᠶᠠᠨ ᠪᠠᠶᠢᠭᠤᠯᠵᠤ᠂ ᠨᠢᠮᠪᠠᠶ ᠪᠠᠶᠢᠷᠢᠯᠠᠭᠤᠯᠣᠨ᠂ ᠲᠤᠰ ᠲᠤᠰ ᠤᠨ ᠡᠭᠦᠷᠭᠡ ᠪᠠᠨ ᠭᠦᠢᠴᠡᠳᠬᠡᠵᠦ᠂ ᠬᠠᠷᠠᠯᠲᠠ ᠪᠠᠨ ᠲᠣᠳᠣᠷᠬᠠᠶᠢᠯᠠᠨ᠂ ᠬᠥᠳᠡᠯᠦᠩᠭᠦᠶ ᠬᠤᠪᠢᠷᠠᠯᠲᠠ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠵᠢᠯᠯᠠᠬᠤ ᠳᠤᠭᠤᠶᠢᠯᠠᠩ ᠨᠢ ᠲᠥᠰᠦᠯ ᠤᠨ ᠲᠣᠬᠢᠷᠠᠭᠤᠯᠤᠯᠲᠠ ᠪᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠬᠠᠮᠵᠢᠯᠴᠠᠵᠤ᠂ ᠬᠢᠵᠠᠭᠠᠷ ᠲᠠᠢ ᠴᠠᠭ ᠬᠤᠭᠤᠴᠠᠭᠠᠨ ᠳᠣᠲᠣᠷ᠎ᠠ ᠠᠵᠢᠯ ᠢᠶᠠᠨ ᠰᠠᠶᠢᠳᠣᠷ ᠵᠣᠭᠢᠴᠠᠭᠤᠯᠣᠨ᠂ ᠠᠩᠬᠠᠨ ᠤ ᠨᠢᠰᠦᠯᠳᠡ  ᠶᠢᠨ ᠶᠣᠰᠣᠯᠠᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠭᠡᠷᠡᠭᠳᠡᠢ ᠭᠡᠵᠦ ᠱᠠᠭᠠᠷᠳᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号