ᠮᠠᠨ ᠤ ᠬᠤᠰᠢᠭᠤ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠶᠢᠨ ᠲᠠᠯᠠᠪᠤᠷ ‍ᠤᠨ‌ᠬᠤᠷᠠᠯ ᠤᠨ ᠵᠢᠷᠭᠤᠳᠤᠭᠠᠷ ᠤᠳᠠᠭᠠᠨ ᠤ ᠪᠡᠯᠡᠳᠭᠡᠵᠦ ᠪᠠᠶᠢᠷᠢᠯᠠᠭᠤᠯᠬᠤ ᠬᠤᠷᠠᠯ ᠢ ᠬᠤᠷᠠᠯᠳᠣᠭᠤᠯᠣᠬᠰᠠᠨ
ᠨᠡᠶᠢᠲᠡᠯᠡᠭᠰᠡᠨ ᠴᠠᠭ᠄
2020/8/31
                                                ᠤᠷᠢᠬᠠᠨ  ᠰᠢᠨᠵᠢᠯᠳᠦ ᠮᠡᠳᠡᠭᠡᠯᠡᠪᠡ        8 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠪᠦᠬᠦ ᠤᠷᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠤᠨ ᠵᠢᠷᠭᠤᠳᠤᠭᠠᠷ ᠤᠳᠠᠭᠠᠨ ᠤ ᠪᠡᠯᠡᠳᠭᠡᠵᠦ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ᠃        ᠬᠤᠷᠠᠯ ᠳᠡᠭᠡᠷ᠎ᠡ᠂ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠶᠢᠨ  ᠲᠠᠯᠠᠪᠣᠷ ᠤᠨ ᠬᠤᠷᠠᠯ ᠤᠨ ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠤᠨ ᠶᠡᠷᠦᠩᠬᠡᠶᠢᠯᠡᠨ ᠵᠤᠬᠢᠴᠠᠭᠤᠯᠬᠤ ᠳᠤᠭᠤᠶᠢᠯᠠᠩ᠂ ᠤᠬᠠᠭᠤᠯᠤᠨ ᠮᠡᠳᠡᠭᠡᠯᠡᠬᠦ ᠳᠤᠭᠤᠶᠢᠯᠠᠩ᠂ ᠴᠠᠭᠠᠨ ᠢᠳᠡᠭᠡᠨ ᠤ ᠰᠣᠶᠣᠯ ᠤᠨ ᠨᠠᠶᠢᠷ ᠤᠨ ᠪᠡᠯᠡᠳᠬᠡᠯ ᠳᠤᠭᠤᠶᠢᠯᠠᠩ᠂ ᠠᠷᠤ ᠲᠠᠯ᠎ᠠ ᠶᠢᠨ ᠦᠢᠯᠡᠴᠢᠯᠡᠭᠡᠨ ᠤ ᠳᠤᠭᠤᠶᠢᠯᠠᠩ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠭᠤᠶᠢᠯᠠᠩ᠂ ᠠᠮᠤᠷ ᠲᠦᠪᠰᠢᠨ ᠤ ᠬᠠᠮᠠᠭᠠᠯᠠᠯᠲᠠ ᠶᠢᠨ ᠳᠤᠭᠤᠶᠢᠯᠠᠩ᠂ ᠢᠳᠡᠭᠡᠨ ᠤ ᠠᠮᠤᠷ ᠲᠦᠪᠰᠢᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠵᠢᠴᠢ ᠡᠮᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ ᠶᠠᠷᠢᠶ᠎ᠠ ᠭᠢᠵᠦ᠂ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠯ᠎ᠡ ᠵᠦᠢᠯ  ᠤᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠤᠯᠪᠠ᠃ ᠲᠣᠬᠠᠢ ᠶᠢᠨ ᠲᠠᠯᠠᠪᠣᠷ ᠤᠨ ᠬᠤᠷᠠᠯ ᠤᠨ ᠴᠠᠭ ᠪᠠᠴᠢᠮ ᠡᠭᠦᠷᠭᠡ ᠬᠦᠨᠳᠦ ᠪᠣᠯᠬᠤᠷ ᠡᠯ᠎ᠡ ᠳᠤᠭᠤᠶᠢᠯᠠᠩ ᠨᠢ ᠦᠵᠡᠯ ᠰᠠᠨᠠᠭ᠎ᠠ ᠪᠠᠨ ᠨᠢᠭᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠵᠣᠭᠢᠴᠠᠭᠤᠯᠣᠯᠳᠠ ᠪᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠲᠤᠬᠠᠢ ᠶᠢᠨ ᠲᠠᠯᠠᠪᠣᠷ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠳᠤ ᠣᠷᠣᠯᠴᠠᠬᠤ ᠬᠡᠷᠡᠭᠲᠡᠢ᠃ ᠤᠤᠯ ᠤᠨ ᠠᠵᠢᠯ ᠤᠨ ᠰᠠᠭᠤᠷᠢᠨ ᠳᠡᠭᠡᠷ᠎ᠡ ᠠᠬᠢᠴᠠ ᠶᠢ ᠠᠳᠬᠤᠵᠤ᠂ ᠦᠷ᠎ᠡ ᠪᠦᠲᠦᠮᠵᠢ  ᠤᠯᠵᠦ᠂ ᠲᠣᠬᠠᠢ  ᠶᠢᠨ  ᠲᠠᠯᠠᠪᠣᠷ ᠤᠨ ᠬᠤᠷᠠᠯ ᠢᠶᠠᠷ ᠳᠠᠮᠵᠢᠭᠤᠯᠤᠨ᠂ ᠣᠷᠳᠣᠨ ᠤ ᠴᠠᠭᠠᠨ ᠢᠳᠡᠭᠡᠨ ᠤ ᠰᠣᠶᠣᠯ ᠪᠣᠯᠤᠨ ᠴᠠᠬᠠᠷ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ ᠣᠯᠤᠭᠰᠠᠨ ᠦᠷ᠎ᠡ ᠪᠦᠲᠦᠮᠵᠢ ᠪᠠ ᠨᠡᠶᠢᠲᠡᠯᠢᠭ ᠲᠤᠷᠰᠢᠯᠭ᠎ᠠ ᠶᠢ ᠬᠦᠢᠴᠡᠳ ᠳᠡᠯᠭᠡᠨ ᠦᠵᠡᠭᠦᠯᠵᠦ᠂ ᠪᠥᠬᠦ ᠣᠷᠣᠨ ᠳᠤ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠰᠦᠨ ᠤ ᠦᠢᠯᠡᠰ ᠤᠨ ᠭᠦᠭᠵᠢᠯᠳᠡ  ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠡᠷᠡᠭᠳᠡᠢ ᠭᠡᠵᠡᠢ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ   ᠤᠨ ᠣᠷᠳᠣᠨ ᠤ ᠳᠠᠷᠤᠭ᠎ᠠ ᠬᠤᠪᠢᠰᠬᠠᠯᠳᠦ᠂ ᠲᠣᠭᠤᠷᠢᠨ ᠦᠵᠡᠬᠦ ᠵᠠᠮ ᠱᠤᠭᠤᠮ ᠢ ᠲᠣᠭᠲᠠᠭᠠᠬᠤ᠂ ᠰᠠᠶᠢᠨ ᠳᠤᠷᠠᠴᠤᠳ ᠤᠨ ᠦᠢᠯᠡᠴᠢᠯᠡᠭᠡ ᠬᠠᠨᠭ᠍ᠭᠠᠬᠤ᠂ ᠣᠷᠴᠢᠨ ᠲᠣᠭᠤᠷᠢᠨ᠂ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠵᠡᠷᠭᠡ ᠲᠤᠬᠠᠶ ᠶᠢᠨ ᠲᠠᠯᠠᠪᠣᠷ ᠤᠨ ᠬᠤᠷᠠᠯ ᠤᠨ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ       ᠬᠤᠷᠠᠯ ᠢᠶᠠᠷ᠂ ︽ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︿2021 — 2025 ᠣᠨ﹀ ︵ᠰᠠᠨᠠᠯ ᠬᠤᠷᠢᠶᠠᠬᠤ ᠨᠣᠤᠷᠠᠭ︶︾᠂ ︽ ᠭᠦᠪᠡᠭᠡᠳᠦ ᠰᠢᠷ᠎ᠠ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠬᠤ ᠭᠠᠷ ᠦᠢᠯᠡᠳᠭᠡᠯ ᠤᠨ ᠭᠠᠵᠠᠷ ᠤᠨ ᠨᠦᠬᠦᠴᠡᠯ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠰᠠᠨᠠᠯ ᠬᠤᠷᠢᠶᠠᠬᠤ ᠨᠣᠤᠷᠠᠭ︶︾᠂ ︽ᠦᠨᠳᠦᠰᠦᠲᠡᠨ ᠤ ᠤᠯᠠᠮᠵᠢᠯᠠᠯᠳᠦ ᠴᠠᠭᠠᠨ ᠢᠳᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠵᠢᠯ ᠤᠨ ᠲᠥᠰᠦᠯ ︵ᠰᠠᠨᠠᠯ ᠬᠤᠷᠢᠶᠠᠬᠤ ᠨᠣᠤᠷᠠᠭ︾᠂ ︽ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ  ᠦᠢᠯᠡᠰ ᠤᠨ ᠬᠥᠭᠵᠢᠯᠲᠡ   ᠶᠢ ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠤᠨ ᠤᠬᠠᠭᠤᠯᠭ᠎ᠠ ᠶᠢᠨ ᠹᠢᠯᠢᠮ︾᠂ ︽ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠲᠤᠬᠠᠶ ᠶᠢᠨ ᠲᠠᠯᠠᠪᠤᠷ ᠤᠨ ᠬᠤᠷᠠᠯ ᠤᠨ ᠲᠠᠶᠢᠯᠪᠤᠷᠢ ᠵᠢᠴᠢ ᠲᠣᠪᠴᠢ ᠲᠠᠨᠢᠯᠴᠠᠭᠤᠯᠭ᠎ᠠ ︵ᠰᠠᠨᠠᠯ ᠬᠤᠷᠢᠶᠠᠬᠤ ᠨᠣᠤᠷᠠᠭ︶︾ ᠶᠢ ᠰᠤᠳᠤᠯᠵᠠᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号