ᠥᠪᠡᠷᠲᠡᠭᠡᠨ ᠵᠠᠰᠠᠬᠤ ᠣᠷᠣᠨ ᠤ ᠠᠬᠠᠮᠠᠳ ᠺᠠᠳ᠋ᠷ ᠤᠨ ᠲᠤᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2020/8/31
     8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠬᠠᠮᠠᠳ ᠺᠠᠳ᠋ᠷ ᠤᠨ ᠲᠤᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠳᠤ ᠢᠷᠡᠵᠦ᠂  ᠪᠥᠬᠦ ᠤᠯᠤᠰ᠂ ᠪᠥᠬᠦ ᠣᠷᠣᠨ ᠤ ︽ᠬᠤᠤᠰ ᠲᠡᠷᠢᠬᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠠᠬᠠᠮᠠᠳ ᠺᠠᠳ᠋ᠷ ᠤᠨ ᠲᠤᠪᠴᠢᠶᠠᠨ ᠤ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠭᠰᠠᠨ ᠪᠠᠶᠢᠳᠠᠯ᠂ ᠠᠬᠠᠮᠠᠳ ᠺᠠᠳ᠋ᠷᠴᠤᠳ ᠤᠨ ᠶᠡᠷᠦᠩᠬᠡᠶ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ  ᠳᠤ ᠪᠠᠶᠢᠴᠠᠭᠠᠨ ᠰᠤᠳᠤᠯᠤᠯᠳᠠ ᠬᠢᠵᠠᠢ᠃      ᠥᠪᠡᠷᠲᠡᠭᠡᠨ ᠵᠠᠰᠠᠬᠤ ᠣᠷᠣᠨ ᠤ ᠠᠬᠠᠮᠠᠳ ᠺᠠᠳ᠋ᠷ ᠤᠨ ᠲᠣᠪᠴᠢᠶᠠ   ᠤ ᠳᠡᠳ᠋ ᠳᠠᠷᠤᠭ᠎ᠠ ᠴᠠᠰᠤ ᠲᠡᠷᠢᠭᠦᠳᠡᠢ ᠪᠠᠶᠢᠴᠠᠭᠠᠨ ᠰᠣᠳᠣᠯᠬᠤ ᠲᠣᠭᠤᠶᠢᠯᠠᠩ ᠤᠨ ᠬᠢᠨ ᠨᠢ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ ᠲᠣᠪᠴᠢᠶᠠᠨ ᠤ ᠳᠠᠷᠤᠭ᠎ᠠ ᠠᠯᠮᠠᠰ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠰᠢᠤ ᠵᠢᠶᠠᠩ᠂ ᠬᠤᠰᠢᠭᠤᠨ ᠤ ᠠᠬᠠᠮᠠᠳ ᠺᠠᠳ᠋ᠷ ᠤᠨ ᠲᠣᠪᠴᠢᠶᠠᠨ ᠤ ᠬᠠᠷᠢᠭᠤᠴᠠᠯᠭᠠᠳᠠᠨ   ᠲᠠᠢ ᠬᠠᠮᠳᠣᠪᠠᠷ ᠤᠷᠢᠳ ᠬᠤᠵᠢᠳ ᠰᠢᠨᠡᠪᠤᠯᠠᠭ ᠪᠠᠯᠭᠠᠰᠤᠨ ᠤ ᠮᠠᠨᠳᠤᠯ᠎ᠠ ᠨᠡᠶᠢᠭᠡᠮ ᠲᠣᠭᠤᠷᠢᠭ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ᠂ ᠠᠬᠠᠮᠠᠳ ᠺᠠᠳ᠋ᠷ ᠤᠨ ᠲᠣᠪᠴᠢᠶᠠᠨ ᠳᠤ ᠬᠦᠷᠴᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠥᠮᠦᠵᠢᠯ ᠰᠤᠷᠤᠯᠴᠠᠯᠭ᠎ᠠ᠂ ᠠᠬᠠᠮᠠᠳ ᠺᠠᠳ᠋ᠷ ᠤᠨ ᠦᠢᠯᠡᠴᠢᠯᠡᠭᠡᠨ ᠤ ᠬᠠᠮᠢᠶᠠᠷᠤᠯᠳᠠ᠂ ᠠᠬᠠᠮᠠᠳ ᠺᠠᠳ᠋ᠷ ᠤᠨ ᠨᠠᠮ ᠤᠨ ᠡᠭᠦᠷ ᠤᠨ ᠪᠠᠶᠢᠭᠤᠯᠤᠯᠲᠠ᠂ ᠨᠠᠰᠤᠲᠠᠶᠢᠴᠤᠳ ᠤᠨ ᠠᠵᠢᠯᠯᠠᠭᠠᠨ ᠤ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠶᠢ ᠪᠠᠶᠢᠴᠠᠭᠠᠵᠠᠢ᠃      ᠠᠬᠤᠢ ᠲᠠᠯᠠᠪᠠᠢ ᠪᠠᠷ ᠪᠠᠶᠢᠴᠠᠭᠠᠬᠰᠠᠨ ᠳᠠᠷᠠᠭ᠎ᠠ ᠰᠠᠭᠤᠳᠠᠯ ᠤᠨ ᠬᠤᠷᠠᠯ ᠭᠢᠵᠦ᠂ ᠮᠠᠨ ᠤ ᠬᠤᠰᠢᠭᠤᠨ ᠤ ᠠᠬᠠᠮᠠᠳ ᠺᠠᠳ᠋ᠷᠴᠤᠳ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ  ᠤᠨ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠮᠠᠨ ᠤ ᠬᠤᠰᠢᠭᠤᠨ ᠤ ᠠᠬᠠᠮᠠᠳ ᠺᠠᠳ᠋ᠷ ᠤᠨ ᠠᠵᠢᠯ ᠳᠤ ᠦᠨᠳᠦᠷ ᠦᠨᠡᠯᠡᠯᠳᠡ ᠦᠭᠭᠦᠭᠰᠡᠨ ᠤ ᠬᠠᠮᠲᠤ᠂ ᠠᠬᠠᠮᠠᠳ ᠺᠠᠳ᠋ᠷᠴᠤᠳ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠡᠷᠬᠢᠮ ᠨᠠᠨᠳᠢᠨ ᠦᠪ ᠬᠦᠷᠦᠩᠭᠡ  ᠮᠥᠨ᠂ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠠᠵᠢᠯ ᠠᠴᠠ ᠪᠠᠨ ᠠᠮᠠᠷᠠᠭᠰᠠᠨ  ᠺᠠᠳ᠋ᠷᠴᠤᠳ ᠤᠨ ᠨᠠᠮ ᠤᠨ  ᠵᠣᠭᠢᠶᠠᠨ ᠪᠠᠶᠢᠭᠤᠯᠣᠯᠳᠠ ᠶᠢᠨ ᠴᠣᠭᠴᠠᠯᠠᠯᠲᠠ᠂ ᠠᠵᠢᠯ ᠠᠴᠠ ᠪᠠᠨ ᠠᠮᠠᠷᠠᠭᠰᠠᠨ  ᠠᠬᠠᠮᠠᠳ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠭᠡᠰᠢᠭᠦᠨ ᠤ ᠨᠠᠮᠴᠢ ᠴᠢᠨᠠᠷ ᠤᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠬᠠᠮᠠᠳ ᠺᠠᠳ᠋ᠷ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号