ᠪᠠᠶᠠᠨᠲᠠᠯ᠎ᠠ ᠪᠠᠯᠭᠠᠰᠤᠨ ᠤ ᠡᠯ᠎ᠡ ᠭᠠᠴᠠᠭᠠᠨ ᠤᠨ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ︽ᠭᠡᠷ ᠢᠶᠠᠨ ᠮᠠᠭᠲᠠᠵᠤ᠂ ᠪᠠᠶᠢᠭᠤᠯᠤᠮᠵᠢ ᠪᠠᠨ ᠰᠠᠶᠢᠰᠢᠶᠠᠬᠤ︾ ᠡᠮᠡᠭᠳᠡᠶᠢᠴᠦᠳ ᠤᠨ ᠶᠠᠷᠢᠯᠴᠠᠭᠠᠨ ᠤ ᠬᠦᠳᠡᠯᠭᠡᠭᠡᠨ ᠥᠷᠨᠢᠬᠦᠯᠪᠡ
ᠨᠡᠶᠢᠲᠡᠯᠡᠭᠰᠡᠨ ᠴᠠᠭ᠄
2020/8/31
    ᠪᠠᠶᠠᠨᠲᠠᠯ᠎ᠠ ᠪᠠᠯᠭᠠᠰᠤᠨ ᠤ ᠡᠯ᠎ᠡ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠦᠷᠭᠡᠨ ᠣᠯᠠᠨ ᠡᠮᠡᠭᠳᠡᠶᠢᠴᠦᠳ ᠢᠶᠠᠨ ᠵᠤᠬᠢᠶᠠᠨ ᠪᠠᠶᠢᠭᠤᠯᠵᠤ᠂ ︽ᠭᠡᠷ ᠢᠶᠠᠨ ᠮᠠᠭᠲᠠᠬᠤ᠂ ᠬᠤᠪᠢᠷᠠᠯᠲᠠ ᠪᠠᠨ ᠬᠦᠦᠷᠨᠢᠯᠳᠦᠬᠦ᠂ ᠮᠦᠷᠦᠭᠡᠳᠦᠯ ᠢᠶᠠᠨ ᠬᠡᠯᠡᠯᠴᠡᠬᠦ᠂ ᠪᠠᠶᠢᠭᠤᠯᠤᠯ ᠢᠶᠠᠨ ᠰᠠᠶᠢᠰᠢᠶᠠᠬᠤ︾ ᠡᠮᠡᠭᠳᠡᠶᠢᠴᠦᠳ ᠤᠨ ᠶᠠᠷᠢᠯᠴᠠᠭᠠᠨ ᠤ ᠬᠦᠳᠡᠯᠭᠡᠭᠡᠨ ᠢ ᠢᠳᠡᠪᠬᠢᠳᠡᠢ ᠥᠷᠨᠢᠬᠦᠯᠪᠡ᠃ ᠨᠡᠶᠢᠲᠡ 106 ᠬᠦᠮᠦᠨ ᠤᠷᠤᠯᠴᠠᠵᠠᠢ᠃     ᠭᠠᠴᠠᠭᠠᠨ ᠤ ᠡᠮᠡᠭᠳᠡᠶᠢᠴᠦᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠵᠢᠴᠢ ᠶᠠᠳᠠᠭᠤ ᠶᠢ ᠠᠩᠭᠢᠵᠢᠷᠠᠭᠤᠯᠬᠤ ᠪᠤᠭᠤᠮᠲᠠ ᠰᠢᠪᠳᠤᠯᠬᠤ ᠵᠡᠷᠭᠡ ᠰᠡᠳᠦᠪ ᠤᠨ ᠲᠤᠭᠤᠷᠢᠨ ᠳᠤ᠂ ᠨᠡᠶᠢᠭᠡᠮ ᠵᠢᠷᠤᠮᠲᠤ ᠨᠡᠶᠢᠭᠡᠮ ᠤᠨ ᠪᠠᠶᠢᠭᠤᠯᠤᠯ ᠤᠨ ᠲᠠᠪᠠᠭᠤᠯᠢᠭ ᠲᠠᠯ᠎ᠠ ᠶᠢ ᠮᠠᠭᠲᠠᠨ ᠰᠠᠶᠢᠰᠢᠶᠠᠵᠤ᠂ ᠪᠡᠶ᠎ᠡ ᠶᠢᠨ ᠲᠡᠷᠭᠡᠳᠡ ᠳᠠᠬᠢ ᠲᠠᠭᠤᠷᠢᠶᠠᠯ ᠦᠯᠢᠭᠡᠷ ᠵᠢᠱᠢᠶ᠎ᠡ ᠪᠠᠨ ᠬᠤᠪᠢᠶᠠᠯᠴᠠᠵᠤ᠂ ᠡᠮᠡᠭᠳᠡᠶᠢᠴᠦᠳ ᠤᠨ ᠨᠡᠶᠢᠭᠡᠮ ᠤᠨ ᠠᠮᠢᠳᠤᠷᠠᠯ ᠪᠠ ᠭᠡᠷ ᠤᠨ ᠠᠮᠢᠳᠤᠷᠠᠯ ᠳᠤᠮᠳᠠᠬᠢ ᠣᠨᠴᠠᠭᠠᠢ ᠦᠢᠯᠡᠳᠦᠯ ᠢᠶᠠᠨ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠡᠮᠡᠭᠳᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠭᠡᠭᠡᠴᠡᠯᠳᠦᠯ ᠢᠶᠠᠨ ᠢᠯᠡᠳᠭᠡᠭᠰᠡᠨ ᠪᠠᠶᠢᠨ᠎ᠠ᠃      ᠶᠠᠷᠢᠯᠴᠠᠭᠠᠨ ᠤ ᠬᠦᠳᠡᠯᠭᠡᠭᠡᠨ ᠥᠷᠨᠢᠬᠦᠯᠬᠦ ᠪᠠᠷ ᠳᠠᠮᠵᠢᠵᠤ᠂ ᠦᠷᠭᠡᠨ ᠣᠯᠠᠨ ᠡᠮᠡᠭᠳᠡᠶᠢᠴᠦᠳ ᠢ ᠵᠢᠯᠤᠭᠤᠳᠤᠨ ᠲᠠᠭᠠᠭᠤᠯᠵᠤ᠂ ᠰᠢᠨ᠎ᠡ ᠴᠠᠭ ᠦᠶ᠎ᠡ ᠶᠢᠨ ᠡᠮᠡᠭᠳᠡᠶᠢᠴᠦᠳ ᠤᠨ ᠣᠨᠴᠠᠭᠠᠢ ᠦᠢᠯᠡᠳᠦᠯ ᠢᠶᠠᠨ ᠪᠠᠳᠠᠷᠠᠭᠤᠯᠵᠤ᠂ ᠣᠯᠣᠰ ᠨᠡᠶᠢᠭᠡᠮ ᠤᠨ ᠬᠦᠭᠵᠢᠯᠲᠡ ᠳᠤ ᠬᠦᠴᠦ ᠪᠠᠨ ᠡᠷᠭᠦᠬᠦ ᠪᠠᠷ ᠴᠢᠷᠮᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号