ᠬᠦᠪᠡᠭᠡᠲᠦ ᠰᠢᠷ᠎ᠠ ᠬᠤᠰᠢᠭᠤᠨ ᠳᠤ ᠨᠠᠰᠤᠳᠠᠶᠢᠴᠤᠳ ᠤᠨ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2020/9/10
     ᠨᠠᠰᠤᠳᠠᠶᠢᠴᠤᠳ ᠤᠨ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠦᠨᠳᠦᠰᠦᠳᠡᠨ ᠤ ᠲᠠᠮᠢᠷ ᠤᠨ ᠲᠥᠷᠦᠯ ᠵᠦᠢᠯ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠡᠯ᠎ᠡ ᠬᠤᠰᠢᠭᠤ ᠰᠢᠶᠠᠨ ᠯᠤᠭ᠎ᠠ ᠶᠢᠨ ᠤᠯᠠᠮᠵᠢᠯᠠᠯᠲᠤ ᠰᠤᠷ ᠬᠠᠷᠪᠤᠯᠲᠠ ᠶᠢᠨ ᠲᠥᠷᠦᠯ ᠵᠦᠢᠯ ᠤᠨ ᠰᠤᠯᠢᠯᠴᠠᠭ᠎ᠠ ᠶᠢ ᠴᠢᠩᠭᠠᠳᠬᠠᠬᠤ ᠶᠢᠨ ᠲᠤᠯᠠᠳᠠ᠂ 9 ᠰᠠᠷ᠎ᠠ ᠶᠢᠨ 10᠎ ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠠᠰᠤᠳᠠᠶᠢᠴᠤᠳ ᠤᠨ ᠲᠠᠮᠢᠷ ᠤᠨ ᠨᠡᠶᠢᠭᠡᠮᠯᠢᠭ ᠭᠤᠤᠯᠯᠠᠨ ᠡᠷᠬᠢᠯᠡᠵᠤ᠂ ᠬᠦᠪᠡᠭᠡᠲᠦ ᠰᠢᠷ᠎ᠠ ᠬᠤᠰᠢᠭᠤᠨ ᠤ ᠨᠠᠰᠤᠳᠠᠶᠢᠴᠤᠳ ᠤᠨ ᠤᠯᠠᠮᠵᠢᠯᠠᠯᠲᠤ ᠰᠤᠷ ᠬᠠᠷᠪᠤᠯᠲᠠ ᠶᠢᠨ ᠠᠩᠭᠢ᠂ ᠨᠠᠰᠤᠳᠠᠶᠢᠴᠤᠳ ᠤᠨ ᠲᠠᠮᠢᠷ ᠤᠨ ᠨᠡᠶᠢᠭᠡᠮᠯᠢᠭ ᠤᠨ ᠵᠢᠭᠤᠯᠴᠢᠯᠠᠯ ᠤᠨ ᠠᠵᠢᠯ ᠤᠨ ᠡᠪᠯᠡᠯ ᠡᠷᠬᠢᠯᠡᠨ ᠶᠠᠪᠤᠭᠳᠠᠭᠤᠯᠤᠭᠰᠠᠨ ᠬᠦᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠲᠤᠷᠭᠠᠨ ᠨᠤᠲᠤᠭ᠂ ᠪᠡᠶ᠎ᠡ ᠴᠢᠬᠢᠷᠠᠭᠵᠢᠭᠤᠯᠤᠯ + ᠵᠢᠭᠤᠯᠴᠢᠯᠠᠯ︾ ᠨᠠᠰᠤᠳᠠᠶᠢᠴᠤᠳ ᠤᠨ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ ᠎ ᠨᠢ ᠬᠠᠶᠠᠩᠬᠢᠷᠸ᠎ᠠ ᠰᠦᠮ᠎ᠡ ᠳᠤ ᠶᠠᠪᠤᠭᠳᠠᠪᠠ᠃      ᠲᠤᠰ ᠤᠷᠤᠯᠳᠤᠭᠠᠨ ᠳᠤ ᠡᠷᠢᠶᠡᠨ ᠬᠤᠲᠠ᠂ ᠰᠢᠯᠤᠭᠤᠨ ᠴᠠᠭᠠᠨ᠂ ᠪᠠᠷᠠᠭᠤᠨ ᠰᠦᠨᠢᠳ ᠵᠡᠷᠭᠡ ᠬᠦᠷᠰᠢ ᠵᠡᠷᠭᠡᠯᠡᠳᠡᠭᠡ ᠬᠤᠰᠢᠭᠤ ᠨᠤᠲᠤᠭ ᠠᠴᠠ ᠬᠦᠷᠦᠯᠴᠡᠨ ᠢᠷᠡᠭᠰᠡᠨ ᠰᠤᠷ ᠬᠠᠷᠪᠤᠯᠲᠠ ᠶᠢᠨ ᠪᠠᠭ᠋ᠠᠲᠠᠳ ᠵᠡᠷᠭᠡ ᠲᠦᠴᠢᠭᠡᠳ ᠬᠦᠮᠦᠨ ᠤᠷᠤᠯᠳᠤᠭᠠᠨ ᠤᠷᠤᠯᠴᠠᠭᠰᠠᠨ ᠪᠠᠶᠢᠨ᠎ᠠ᠃ ᠤᠷᠤᠯᠳᠤᠭᠠᠨ ᠢᠶᠠᠷ ᠳᠠᠮᠵᠢᠨ᠂ ᠨᠠᠰᠤᠳᠠᠶᠢᠴᠤᠳ ᠤᠨ ᠠᠮᠢᠳᠤᠷᠠᠯ ᠢ ᠪᠠᠶᠠᠯᠢᠭᠵᠢᠭᠤᠯᠵᠤ ᠴᠢᠳᠠᠭᠰᠠᠨ ᠢᠶᠠᠷ ᠪᠠᠷᠠᠬᠤ ᠦᠭᠡᠢ᠂ ᠨᠢᠭᠲᠠᠷᠠᠯ ᠤᠨ ᠬᠦᠴᠦᠨ ᠢ ᠨᠢ ᠤᠯᠠᠮ ᠨᠢᠭᠡ ᠠᠯᠬᠤᠮ ᠨᠡᠮᠡᠭᠳᠡᠬᠦᠯᠪᠡ᠃ ᠤᠷᠤᠯᠳᠤᠭᠠᠨ ᠤ ᠬᠤᠭᠤᠴᠠᠭᠠᠨ ᠳᠤ᠂ ᠨᠠᠰᠤᠳᠠᠶᠢᠴᠤᠳ ᠬᠠᠮᠳᠤᠪᠡᠷ ᠵᠠᠭᠤᠨ ᠵᠢᠯ ᠤᠨ ᠲᠡᠦᠬᠡ ᠶᠢᠨ ᠤᠯᠪᠠᠭ᠎ᠠ ᠲᠠᠢ ᠰᠤᠶᠤᠯ ᠪᠤᠯᠪᠠᠰᠤᠨ ᠤ ᠣᠬᠢ ᠪᠤᠯᠤᠭᠰᠠᠨ ᠬᠠᠶᠠᠩᠬᠢᠷᠸ᠎ᠠ ᠰᠦᠮ᠎ᠡ ᠶᠢ ᠲᠤᠭᠤᠷᠢᠨ ᠰᠣᠨᠢᠷᠬᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号