ᠨᠦᠢᠷ ᠲᠤᠳᠠᠪᠡᠯ ᠠᠯᠽᠧᠶ᠋ᠢᠮᠧᠷ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ
ᠨᠡᠶᠢᠲᠡᠯᠡᠭᠰᠡᠨ ᠴᠠᠭ᠄
2020/9/10
    ᠡᠷᠡᠭᠦᠯ ᠴᠢᠭᠢᠷᠠᠭ ᠵᠠᠯᠠᠭᠤᠴᠤᠳ ᠲᠤ ᠠᠪᠴᠤ ᠬᠡᠯᠡᠪᠡᠯ᠂ ᠰᠥᠨᠢᠵᠢᠨ ᠤᠨᠳᠠᠬᠤ ᠦᠭᠡᠢ ᠰᠠᠭᠤᠪᠡᠯ ᠪᠡᠶ᠎ᠡ ᠶᠢᠨ ᠬᠢᠨᠢ ᠴᠢᠰᠤᠨ‌‍ᠲ᠋ᠣᠲᠣᠷᠠᠬᠢ ᠠᠯᠽᠧᠶ᠋ᠢᠮᠧᠷ ᠡᠪᠡᠳᠴᠢᠨ ᠤ ᠠᠮᠢᠳᠤ ᠪᠣᠳᠠᠰ ᠤᠨ ᠲᠡᠮᠳᠡᠭ ᠪᠤᠳᠠᠰ  ᠨᠡᠮᠡᠭᠳᠡᠬᠦ ᠪᠣᠯᠤᠨ᠎ᠠ ᠭᠡᠳᠡᠭ ᠢ ᠰᠸᠧᠳᠧᠨ ᠤ ᠰᠤᠳᠤᠯᠭᠠᠨ ᠤ ᠠᠵᠢᠯᠲᠠᠨ ᠰᠢᠨ᠎ᠡ ᠪᠠᠷ ᠤᠯᠵᠤ ᠮᠡᠳᠡᠵᠡᠢ᠃ ᠬᠠᠮᠢᠶ᠎ᠠ ᠪᠦᠬᠦᠢ ᠥᠭᠦᠯᠡᠯ ᠨᠢ ᠣᠷᠴᠢᠮᠬᠠᠨ ᠠᠮᠧᠷᠢᠺᠠ ᠶᠢᠨ ︽ᠮᠡᠳᠡᠷᠡᠯ ᠤᠨ ᠤᠬᠠᠭᠠᠨ︾ ᠰᠡᠳᠬᠦᠯ ᠲᠡᠭᠡᠷ᠎ᠡ ᠨᠡᠶᠢᠲᠡᠯᠡᠭᠳᠡᠪᠡ᠃ ᠰᠸᠧᠳᠧᠨ ᠤ ᠰᠤᠳᠤᠯᠤᠭᠴᠢᠳ ᠳᠤᠮᠳᠠᠴᠢ ᠪᠠᠷ 22 ᠨᠠᠰᠤ ᠲᠠᠢ ᠪᠦᠭᠡᠳ ᠪᠡᠶ᠎ᠡ ᠶᠢᠨ ᠬᠦᠨᠳᠦ ᠨᠢ  ᠬᠡᠪ ᠤᠨ 15 ᠡᠷᠡᠭᠲᠡᠶ ᠶᠢ ᠰᠣᠩᠭᠤᠵᠤ᠂ ᠡᠩ ᠤᠨ ᠦᠶ᠎ᠡ ᠳᠤ ᠲᠡᠳᠡᠨ ᠢ ᠴᠦᠮ 7 ᠴᠠᠭ — 9 ᠴᠠᠭ ᠬᠠᠨᠳᠠᠯ᠎ᠠ ᠤᠨᠲᠠᠭᠤᠯᠬᠤ ᠲᠤᠷᠰᠢᠯᠳᠠ ᠬᠢᠪᠡ᠃ ᠰᠤᠳᠤᠯᠭᠠᠨ ᠤ ᠳ᠋ᠦᠩ ᠠᠴᠠ ᠦᠵᠡᠪᠡᠯ᠂ ᠲᠤᠷᠰᠢᠯᠳᠡ ᠳᠤ ᠤᠷᠤᠯᠴᠠᠬᠰᠠᠳ ᠢ ᠨᠢᠭᠡ ᠰᠥᠨᠢ ᠤᠨᠲᠠᠭᠤᠯᠤᠬᠰᠠᠨ ᠦᠭᠡᠢ ︵ᠳ᠋ᠧᠩ ᠤᠨ ᠭᠡᠷᠡᠯ ᠤᠨ ᠳᠣᠤᠷ᠎ᠠ ᠣᠷᠣᠨ ᠳᠡᠭᠡᠷ᠎ᠡ ᠨᠢ ᠰᠠᠭᠤᠯᠭᠠᠨ ᠲᠣᠭᠯᠠᠭᠠᠮ ᠨᠠᠭᠠᠳᠤᠭᠤᠯᠬᠤ᠂ ᠺᠢᠨᠣ᠋ ᠦᠵᠡᠬᠦᠯᠬᠦ ᠪᠤᠶᠤ ᠵᠣᠭᠤᠭᠳᠠᠭᠤᠯᠬᠤ︶ ᠳᠤ ᠲᠡᠳᠡᠨ ᠤ ᠴᠢᠰᠤᠨ ᠳᠣᠲᠣᠷᠠᠬᠢ Tau ᠤᠭᠤᠷᠠᠭ ᠤᠨ ᠳᠤᠮᠳᠠᠴᠢ ᠬᠡᠮᠵᠢᠶ᠎ᠡ 17% ᠪᠠᠷ ᠨᠡᠮᠡᠭᠳᠡᠭᠰᠡᠨ ᠪᠠᠶᠢᠪᠠ᠂ ᠨᠢᠭᠡ ᠰᠥᠨᠢ ᠬᠠᠨᠳᠠᠯ᠎ᠠ ᠤᠨᠲᠠᠭᠤᠯᠤᠬᠰᠠᠨ ᠳᠤ ᠴᠢᠰᠤᠨ ᠳᠣᠲᠣᠷᠠᠬᠢ Tau ᠤᠭᠤᠷᠠᠭ ᠤᠨ ᠳᠤᠮᠳᠠᠴᠢ ᠬᠡᠮᠵᠢᠶ᠎ᠡ ᠨᠢ ᠵᠥᠪᠬᠡᠨ 2% ᠢᠶᠠᠷ ᠨᠡᠮᠡᠭᠳᠡᠵᠡᠶ᠃ ᠠᠯᠽᠧᠶ᠋ᠢᠮᠧᠷ ᠡᠪᠡᠳᠴᠢᠨ ᠳᠤ ᠨᠡᠷᠪᠡᠭᠳᠡᠭᠰᠡᠳ ᠤᠨ ᠨᠢᠭᠡ ᠵᠦᠢᠯ ᠤᠨ ᠡᠪᠡᠳᠴᠢᠨ ᠤ ᠵᠦᠢ ᠶᠢᠨ ᠬᠤᠪᠢᠷᠠᠯᠲᠠ ᠪᠣᠯ ᠲᠠᠷᠢᠬᠢᠨ ᠳᠣᠲᠣᠷᠠᠬᠢ Tau ᠤᠭᠤᠷᠠᠭ ᠨᠢ ᠬᠡᠲᠦᠷᠬᠡᠢ ᠹᠣᠰᠹᠣᠷ ᠬᠦᠴᠢᠯᠵᠢᠯᠳᠡ ᠲᠠᠢ ᠪᠤᠯᠵᠤ᠂ ᠡᠰ ᠤᠨ ᠳᠣᠲᠣᠷ᠎ᠠ ᠨᠢ ᠮᠡᠳᠡᠷᠡᠯ ᠤᠨ ᠡᠬᠢ ᠰᠢᠷᠬᠡᠭᠯᠢᠭ ᠤᠪᠤᠭᠠᠷᠠᠨ ᠣᠷᠢᠶᠠᠯᠳᠤᠬᠤ ᠶᠢᠨ ᠤᠯᠠᠮ ᠢᠶᠠᠷ ᠮᠡᠳᠡᠷᠡᠯ ᠤᠨ ᠡᠬᠢ ᠰᠢᠷᠬᠡᠭᠯᠢᠭ ᠰᠢᠷᠢᠯᠳᠦᠨ ᠤᠷᠢᠶᠠᠯᠳᠤᠬᠰᠠᠨ ᠠᠴᠠ ᠪᠤᠯᠵᠤ ᠮᠡᠳᠡᠷᠡᠯ ᠤᠨ ᠡᠰ ᠢ ᠦᠬᠦᠭᠦᠯᠬᠦ ᠪᠠ ᠲᠠᠨᠢᠨ ᠮᠡᠳᠡᠬᠦᠢ ᠶᠢᠨ ᠴᠢᠳᠠᠪᠤᠷᠢ ᠶᠢᠨ ᠬᠠᠷᠰᠢᠯᠠᠵᠤ ᠪᠠᠶᠢᠳᠠᠭ ᠲᠠᠢ ᠨᠢᠭᠲᠠ ᠬᠤᠯᠪᠤᠭ᠎ᠠ ᠲᠠᠢ᠃ ᠡᠭᠦᠨ ᠠᠴᠠ ᠡᠮᠦᠨᠡᠭᠢ ᠰᠤᠳᠤᠯᠭᠠᠨ ᠳᠤ᠂ ᠨᠠᠰᠤᠲᠠᠶᠢᠴᠤᠳ ᠢ ᠤᠨᠲᠠᠭᠤᠯᠬᠤ ᠦᠭᠡᠢ ᠳᠤ ᠬᠦᠷᠪᠡᠯ ᠲᠠᠷᠢᠬᠢᠨ ᠨᠤᠭᠤᠰᠤᠨ ᠤ ᠰᠢᠩᠭᠡᠨ ᠳᠣᠲᠣᠷᠠᠬᠢ Tau ᠤᠭᠤᠷᠠᠭ ᠤᠨ ᠬᠡᠮᠵᠢᠶ᠎ᠡ ᠨᠢ ᠨᠡᠮᠡᠭᠳᠡᠵᠦ᠂ ᠲᠣᠯᠣᠭᠠᠶ ᠶᠢᠨ ᠰᠢᠷᠬ᠎ᠠ ᠪᠠᠰᠠ ᠴᠢᠰᠤᠨ ᠳᠣᠲᠣᠷᠠᠬᠢ Tau ᠤᠭᠤᠷᠠᠭ ᠤᠨ ᠬᠡᠮᠵᠢᠶ᠎ᠡ ᠶᠢ ᠨᠡᠮᠡᠭᠳᠡᠭᠦᠯᠦᠨ᠎ᠡ ᠬᠡᠳᠡᠭ ᠢ ᠢᠯᠡᠷᠡᠬᠦᠯᠪᠡ᠃ ᠴᠢᠰᠤᠨ ᠳᠣᠲᠣᠷᠠᠬᠢ Tau ᠤᠭᠤᠷᠠᠭ ᠤᠨ ᠬᠡᠮᠵᠢᠶ᠎ᠡ ᠳᠡᠭᠡᠭᠰᠢᠯᠡᠬᠦ ᠨᠢ ᠶᠡᠭᠡ ᠲᠠᠷᠢᠬᠢᠨ ᠳᠠᠬᠢ Tau ᠤᠭᠤᠷᠠᠭ ᠤᠨ ᠬᠡᠮᠵᠢᠶ᠎ᠡ ᠶᠢ ᠳᠡᠭᠡᠭᠰᠢᠯᠡᠬᠦᠯᠵᠦ ᠮᠡᠳᠡᠨ᠎ᠡ᠂ ᠭᠡᠪᠡᠴᠦ ᠮᠡᠳᠡᠷᠡᠯ ᠤᠨ ᠬᠥᠳᠡᠯᠭᠡᠭᠡᠨ ᠠᠴᠠ ᠡᠭᠦᠰᠦᠭᠰᠡᠨ Tau ᠤᠭᠤᠷᠠᠭ ᠢ ᠶᠡᠭᠡ ᠲᠠᠷᠢᠬᠢᠨ ᠠᠴᠠ ᠴᠡᠪᠡᠷᠯᠡᠨ ᠠᠷᠢᠯᠭᠠᠵᠦ ᠴᠦ ᠮᠡᠳᠡᠨ᠎ᠡ᠂ ᠡᠶᠢᠮᠦ ᠠᠴᠠ ᠪᠠᠰᠠ ᠤᠨᠲᠠᠬᠤ ᠨᠢ ᠵᠢᠮ᠎ᠡ ᠬᠠᠤᠯᠢ ᠥᠬᠡᠶ ᠪᠣᠯᠪᠡᠯ ᠠᠯᠽᠧᠶ᠋ᠢᠮᠧᠷ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠬᠦ ᠡᠰᠡᠬᠦ ᠶᠢ ᠴᠢᠨᠠᠬᠰᠢᠳᠠ ᠰᠤᠳᠤᠯᠬᠤ ᠴᠢᠬᠤᠯᠠᠲᠠᠶ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号