ᠨᠠᠰᠤᠳᠠᠶᠢᠴᠤᠳ ᠤᠨ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠦᠨᠳᠦᠰᠦᠳᠡᠨ ᠤ ᠲᠠᠮᠢᠷ ᠤᠨ | ᠲᠥᠷᠦᠯ ᠵᠦᠢᠯ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠡᠯ᠎ᠡ ᠬᠤᠰᠢᠭᠤ ᠰᠢᠶᠠᠨ ᠯᠤᠭ᠎ᠠ ᠶᠢᠨ ᠤᠯᠠᠮᠵᠢᠯᠠᠯᠲᠤ | ᠰᠤᠷ ᠬᠠᠷᠪᠤᠯᠲᠠ ᠶᠢᠨ ᠲᠥᠷᠦᠯ ᠵᠦᠢᠯ ᠤᠨ ᠰᠤᠯᠢᠯᠴᠠᠭ᠎ᠠ ᠶᠢ ᠴᠢᠩᠭᠠᠳᠬᠠᠬᠤ ᠶᠢᠨ ᠲᠤᠯᠠᠳᠠ᠂ 9 ᠰᠠᠷ᠎ᠠ ᠶᠢᠨ 10 ᠤ | ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠠᠰᠤᠳᠠᠶᠢᠴᠤᠳ ᠤᠨ ᠲᠠᠮᠢᠷ ᠤᠨ ᠨᠡᠶᠢᠭᠡᠮᠯᠢᠭ ᠭᠤᠤᠯᠯᠠᠨ ᠡᠷᠬᠢᠯᠡᠵᠤ᠂ | ᠬᠦᠪᠡᠭᠡᠲᠦ ᠰᠢᠷ᠎ᠠ ᠬᠤᠰᠢᠭᠤᠨ ᠤ ᠨᠠᠰᠤᠳᠠᠶᠢᠴᠤᠳ ᠤᠨ ᠤᠯᠠᠮᠵᠢᠯᠠᠯᠲᠤ ᠰᠤᠷ ᠬᠠᠷᠪᠤᠯᠲᠠ ᠶᠢᠨ ᠠᠩᠭᠢ᠂ | ᠨᠠᠰᠤᠳᠠᠶᠢᠴᠤᠳ ᠤᠨ ᠲᠠᠮᠢᠷ ᠤᠨ ᠨᠡᠶᠢᠭᠡᠮᠯᠢᠭ ᠤᠨ ᠵᠢᠭᠤᠯᠴᠢᠯᠠᠯ ᠤᠨ ᠠᠵᠢᠯ ᠤᠨ ᠡᠪᠯᠡᠯ ᠡᠷᠬᠢᠯᠡᠨ | ᠶᠠᠪᠤᠭᠳᠠᠭᠤᠯᠤᠭᠰᠠᠨ ᠬᠦᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠲᠤᠷᠭᠠᠨ ᠨᠤᠲᠤᠭ᠂ ᠪᠡᠶ᠎ᠡ | ᠴᠢᠬᠢᠷᠠᠭᠵᠢᠭᠤᠯᠤᠯ + ᠵᠢᠭᠤᠯᠴᠢᠯᠠᠯ︾ ᠨᠠᠰᠤᠳᠠᠶᠢᠴᠤᠳ ᠤᠨ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ | ᠨᠢ ᠬᠠᠶᠠᠩᠬᠢᠷᠸ᠎ᠠ ᠰᠦᠮ᠎ᠡ ᠳᠤ ᠶᠠᠪᠤᠭᠳᠠᠪᠠ᠃ | ᠲᠤᠰ ᠤᠷᠤᠯᠳᠤᠭᠠᠨ ᠳᠤ ᠡᠷᠢᠶᠡᠨ ᠬᠤᠲᠠ᠂ ᠰᠢᠯᠤᠭᠤᠨ ᠴᠠᠭᠠᠨ᠂ ᠪᠠᠷᠠᠭᠤᠨ ᠰᠦᠨᠢᠳ ᠵᠡᠷᠭᠡ ᠬᠦᠷᠰᠢ | ᠵᠡᠷᠭᠡᠯᠡᠳᠡᠭᠡ ᠬᠤᠰᠢᠭᠤ ᠨᠤᠲᠤᠭ ᠠᠴᠠ ᠬᠦᠷᠦᠯᠴᠡᠨ ᠢᠷᠡᠭᠰᠡᠨ ᠰᠤᠷ ᠬᠠᠷᠪᠤᠯᠲᠠ ᠶᠢᠨ ᠪᠠᠭ᠋ᠠᠲᠠᠳ ᠮᠠᠰᠢ ᠣᠯᠠᠨ | ᠪᠠᠶᠢᠵᠤ᠂ ᠲᠦᠴᠢᠭᠡᠳ ᠬᠦᠮᠦᠨ ᠤᠷᠤᠯᠳᠤᠭᠠᠨ ᠤᠷᠤᠯᠴᠠᠭᠰᠠᠨ ᠪᠠᠶᠢᠨ᠎ᠠ᠃ ᠤᠷᠤᠯᠳᠤᠭᠠᠨ ᠢᠶᠠᠷ ᠳᠠᠮᠵᠢᠨ᠂ | ᠨᠠᠰᠤᠳᠠᠶᠢᠴᠤᠳ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠢᠭᠲᠠᠷᠠᠯ ᠤᠨ ᠬᠦᠴᠦᠨ ᠢ | ᠨᠡᠮᠡᠭᠳᠡᠬᠦᠯᠵᠦ ᠴᠢᠳᠠᠵᠠᠢ᠃ ᠤᠷᠤᠯᠳᠤᠭᠠᠨ ᠤ ᠬᠤᠭᠤᠴᠠᠭᠠᠨ ᠳᠤ᠂ ᠨᠠᠰᠤᠳᠠᠶᠢᠴᠤᠳ ᠬᠠᠮᠳᠤᠪᠡᠷ ᠵᠠᠭᠤᠨ ᠵᠢᠯ ᠤᠨ | ᠲᠡᠦᠬᠡ ᠶᠢᠨ ᠤᠯᠪᠠᠭ᠎ᠠ ᠲᠠᠢ ᠰᠤᠶᠤᠯ ᠪᠤᠯᠪᠠᠰᠤᠨ ᠤ ᠣᠬᠢ ᠪᠤᠯᠤᠭᠰᠠᠨ ᠬᠠᠶᠠᠩᠬᠢᠷᠸ᠎ᠠ ᠰᠦᠮ᠎ᠡ ᠶᠢ ᠲᠤᠭᠤᠷᠢᠨ | ᠰᠣᠨᠢᠷᠬᠠᠭᠰᠠᠨ ᠪᠠᠶᠢᠨ᠎ᠠ᠃ |