ᠬᠦᠪᠡᠭᠡᠲᠦ ᠰᠢᠷ᠎ᠠ ᠬᠤᠰᠢᠭᠤ ︽ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾᠎ ᠶᠢᠨ ᠨᠡᠭᠡᠭᠡᠯᠲᠡ ᠶᠢᠨ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/9/17
     ᠥᠨᠦ ᠵᠢᠯ ᠤᠨ 9 ᠳ᠋ᠦ᠋ᠭᠡᠷ ᠰᠠᠷ᠎ᠠ ᠪᠣᠯ ᠪᠦᠬᠦ ᠣᠷᠤᠨ ᠤ 37 ᠳ᠋ᠤᠭᠠᠷ ᠦᠨᠳᠦᠰᠦᠳᠡᠨ ᠤ ᠪᠦᠯᠬᠦᠮᠳᠡᠯ ᠲᠠᠪᠰᠢᠯᠲᠡ ᠶᠢᠨ ᠠᠵᠢᠯᠯᠠᠭᠠᠨ ᠤ ᠰᠠᠷ᠎ᠠ ᠪᠤᠯᠤᠨ᠎ᠠ᠃ ᠣᠶᠢᠷ᠎ᠠ ᠶᠢᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠬᠠᠰᠢᠶᠠᠳᠤ ᠨᠡᠶᠢᠭᠡᠮ ᠲᠤᠭᠤᠷᠢᠭ ᠲᠤ ︽ᠬᠦᠪᠡᠭᠡᠲᠦ ᠰᠢᠷ᠎ᠠ ᠬᠤᠰᠢᠭᠤᠨ ᠤ 2020 ᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾᠎ ᠶᠢᠨ ᠨᠡᠭᠡᠭᠡᠯᠲᠡ ᠶᠢᠨ ᠶᠤᠰᠤᠯᠠᠯ ᠢ ᠶᠠᠪᠤᠭᠳᠠᠭᠤᠯᠤᠭᠰᠠᠨ ᠪᠠᠶᠢᠨ᠎ᠠ᠃  ︽ᠦᠨᠳᠦᠰᠦᠳᠡᠨ ᠤ ᠪᠦᠯᠬᠦᠮᠳᠡᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠶᠢ ᠠᠬᠢᠭᠤᠯᠵᠤ᠂ ᠡᠯ᠎ᠡ ᠦᠨᠳᠦᠰᠦᠳᠡᠨ ᠬᠠᠮᠳᠤᠪᠡᠷ ᠴᠢᠨᠡᠭᠡᠯᠢᠭ ᠨᠡᠶᠢᠭᠡᠮ ᠢ ᠪᠠᠶᠢᠭᠤᠯᠤᠨ ᠪᠦᠳᠦᠭᠡᠬᠦ︾᠎ ᠪᠠᠷ ᠠᠵᠢᠯᠯᠠᠭᠠᠨ ᠤ ᠰᠠᠷ᠎ᠠ ᠶᠢᠨ ᠭᠤᠣᠯ ᠰᠡᠳᠦᠪ ᠪᠤᠯᠭᠠᠵᠠᠢ᠃ ᠨᠡᠭᠡᠭᠡᠯᠲᠡ ᠶᠢᠨ ᠶᠤᠰᠤᠯᠠᠯ ᠲᠡᠭᠡᠷ᠎ᠡ᠂ ᠬᠤᠰᠢᠭᠤ ᠤᠯᠠᠭᠠᠨᠮᠦ᠋ᠴᠢᠷ ᠤᠨ ᠬᠢᠨ ᠭᠤᠴᠤ ᠰᠠᠶᠢᠬᠠᠨ ᠲᠤᠭᠯᠠᠯᠲᠠ ᠭᠠᠷᠭᠠᠨ᠂ ᠬᠦᠷᠦᠭᠰᠡᠨ ᠣᠯᠠᠨ ᠢ ᠪᠠᠶᠠᠰᠬᠠᠵᠠᠢ᠃ ᠪᠠᠰᠠ ᠠᠵᠢᠯᠯᠠᠭᠠᠨ ᠤ ᠰᠠᠷ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号