ᠣᠩᠭᠤᠨ ᠠᠭᠤᠯᠠ ᠰᠤᠮᠤᠨ ᠤ ᠡᠯ᠎ᠡ ᠭᠠᠴᠠᠭ᠎ᠠ ᠨᠢ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠥᠷᠨᠢᠬᠦᠯᠪᠡ
ᠨᠡᠶᠢᠲᠡᠯᠡᠭᠰᠡᠨ ᠴᠠᠭ᠄
2020/9/2
    ᠣᠶᠢᠷ᠎ᠠ ᠶᠢᠨ ᠡᠳᠦᠷ᠂ ᠣᠩᠭᠤᠨ ᠠᠭᠤᠯᠠ ᠰᠣᠮᠣᠨ ᠤ ᠬᠡᠰᠡᠭ ᠭᠠᠴᠠᠭ᠎ᠠ ᠨᠢ ᠤᠶᠤᠨ ᠤ ᠪᠤᠯᠪᠠᠰᠤᠨ ᠢ ᠦᠢᠯᠡᠳᠦᠯᠭᠡᠵᠢᠬᠦᠯᠵᠤ᠂ ᠠᠬᠠᠮᠠᠳ ᠨᠠᠰᠤᠲᠠᠨ ᠢᠶᠠᠨ ᠬᠦᠨᠳᠦᠳᠭᠡᠵᠦ᠂ ᠬᠦᠳᠡᠯᠮᠦᠷᠢᠴᠢᠳ ᠢ ᠬᠦᠨᠳᠦᠳᠭᠡᠵᠦ ᠲᠠᠭᠠᠨ ᠰᠤᠷᠤᠯᠴᠠᠬᠤ ᠰᠢᠷᠢᠰ ᠠᠵᠢᠯᠯᠠᠭ᠎ᠠ ᠥᠷᠨᠢᠬᠦᠯᠦᠭᠰᠡᠨ ᠤ ᠬᠠᠮᠲᠤ᠂ ᠡᠯ᠎ᠡ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ︽ᠬᠤᠭᠤᠯᠠ ᠪᠤᠳᠠᠭ᠎ᠠ ᠶᠢ ᠪᠦᠷᠢᠯᠭᠡᠨ ᠰᠦᠢᠳᠭᠡᠬᠦ ᠶᠢ ᠲᠡᠪᠴᠢᠵᠤ᠂ ᠠᠷᠪᠢᠯᠠᠨ ᠭᠠᠮᠨᠠᠬᠤ ᠶᠢ ᠡᠷᠬᠢᠮᠯᠡᠨ ᠲᠡᠭᠡᠳᠦᠯᠡᠬᠦ ᠶᠢ ᠦᠪᠡᠷ ᠤᠨ ᠪᠡᠶ᠎ᠡ ᠠᠴᠠ ᠪᠠᠨ ᠭᠡᠷ ᠪᠦᠯᠢ ᠠᠴᠠ ᠪᠠᠨ ᠡᠬᠢᠯᠡᠨ ᠦᠢᠯᠡᠳᠦᠯᠭᠡᠵᠢᠬᠦᠯᠦᠶ᠎ᠡ︾ ᠭᠡᠬᠦ ᠤᠬᠠᠭᠤᠯᠭ᠎ᠠ ᠪᠠ ︽ᠬᠡᠷᠦ ᠣᠷᠤᠨ ᠢᠶᠠᠨ ᠮᠠᠭᠤᠳᠠᠵᠤ᠂ ᠬᠤᠪᠢᠷᠠᠯᠲᠠ ᠪᠠᠨ ᠬᠦᠥᠷᠨᠢᠨ᠂ ᠮᠦᠷᠦᠭᠡᠳᠦᠯ ᠢᠶᠠᠨ ᠳᠡᠯᠭᠡᠵᠦ᠂ ᠪᠠᠶᠢᠭᠤᠯᠤᠯ ᠢᠶᠠᠨ ᠰᠠᠶᠢᠰᠢᠶᠠᠬᠤ︾ ᠡᠮᠡᠭᠳᠡᠶᠢᠴᠦᠳ ᠤᠨ ᠪᠤᠳᠤᠯ ᠢᠶᠠᠨ ᠳᠡᠯᠭᠡᠬᠦ ᠶᠠᠷᠢᠯᠴᠠᠭ᠎ᠠ ᠥᠷᠨᠢᠬᠦᠯᠦᠭᠰᠡᠨ ᠪᠠᠶᠢᠨ᠎ᠠ᠃     ᠪᠦᠭᠦᠳᠡᠭᠡᠷ ᠢᠶᠠᠨ ᠨᠠᠰᠤᠳᠠᠢ ᠡᠵᠢ ᠨᠠᠷ ᠳᠠᠭᠠᠨ ᠬᠦᠨᠳᠦᠳᠭᠡᠯ ᠳᠡᠪᠰᠢᠬᠦᠯᠵᠦ᠂ ᠲᠡᠳᠡ ᠨᠠᠷ ᠤᠨ ᠰᠢᠷᠭᠠᠭᠤ ᠬᠠᠳᠠᠭᠤᠵᠢᠯᠲᠠᠢ ᠲᠡᠮᠡᠴᠡᠵᠦ ᠶᠠᠪᠤᠭᠰᠠᠨ ᠵᠣᠷᠢᠭ ᠰᠠᠨᠠᠭ᠎ᠠ ᠶᠢ ᠲᠠᠭᠠᠨ ᠰᠤᠷᠤᠯᠴᠠᠵᠤ᠂ ᠠᠬᠠᠮᠠᠳ ᠲᠤᠮᠤᠭᠠᠳᠠᠳ ᠨᠢ ᠵᠠᠯᠠᠭᠤᠴᠤᠳ ᠲᠠᠭᠠᠨ ᠤᠷᠠᠨ ᠤᠶᠤᠳᠠᠯ ᠵᠢᠭᠠᠬᠤ ᠪᠤᠶᠤ ᠬᠠᠮᠳᠤᠪᠠᠷ ᠢᠶᠠᠨ ᠬᠦᠵᠦᠷ᠂ ᠬᠠᠷ᠎ᠠ ᠫᠠᠢ᠂ ᠱᠠᠭ᠎ᠠ ᠵᠡᠷᠭᠡ ᠨᠠᠭᠠᠳᠤᠮ ᠲᠤᠭᠯᠠᠭᠠᠮ ᠲᠣᠭᠯᠠᠵᠤ᠂ ᠬᠠᠮᠳᠤᠪᠠᠷ ᠢᠶᠠᠨ ᠨᠤᠲᠤᠭ ᠤᠰᠤᠨ ᠤ ᠪᠠᠨ ᠬᠦᠭᠵᠢᠯᠲᠡ ᠬᠤᠪᠢᠲᠠᠯᠲᠠ ᠪᠠᠨ ᠬᠦᠦᠷᠨᠢᠵᠦ᠂ ᠰᠠᠶᠢᠨ ᠰᠠᠶᠢᠬᠠᠨ ᠠᠮᠢᠳᠤᠷᠠᠯ ᠢᠶᠠᠨ ᠪᠠᠭ᠋ᠠᠷᠤᠨ ᠮᠠᠭᠲᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号