ᠬᠦᠪᠡᠭᠡᠲᠦ ᠰᠢᠷ᠎ᠠ ᠬᠤᠰᠢᠭᠤ ︽ᠮᠤᠩᠭᠤᠯ ᠬᠡᠤᠬᠡᠯᠳᠠᠢ︾ ᠶᠢᠨ ᠬᠤᠪᠴᠠᠰᠦ ᠵᠠᠰᠠᠯ ᠤᠨ ᠤᠷᠤᠯᠳᠤᠭᠠᠨ ᠳᠤ ᠰᠢᠯᠭᠠᠷᠠᠭᠰᠠᠳ ᠢᠶᠠᠨ ᠱᠠᠩᠨᠠᠨ ᠬᠥᠬᠢᠬᠦᠯᠪᠡ
ᠨᠡᠶᠢᠲᠡᠯᠡᠭᠰᠡᠨ ᠴᠠᠭ᠄
2020/9/2
       ᠦᠢᠷ᠎ᠠ ᠶᠢᠨ ᠡᠳᠤᠷ᠂ ᠬᠦᠪᠡᠭᠡᠲᠦ ᠰᠢᠷ᠎ᠠ ᠬᠤᠰᠢᠭᠤ ︽ᠮᠤᠩᠭᠤᠯ ᠬᠡᠤᠬᠡᠯᠳᠠᠢ︾ ᠶᠢᠨ ᠬᠤᠪᠴᠠᠰᠦ ᠵᠠᠰᠠᠯ ᠤᠨ ᠤᠷᠤᠯᠳᠤᠭᠠᠨ ᠤ ᠱᠠᠩᠨᠠᠯ ᠣᠯᠭᠤᠬᠤ ᠶᠤᠰᠤᠯᠠᠯ ᠡᠷᠬᠢᠯᠡᠵᠥ᠂ ᠪᠤᠬᠳᠠ ᠶᠢᠨ ᠭᠤᠤᠯ ᠰᠤᠮᠤ ᠶᠢᠨ ᠤᠩᠭᠤᠴᠠ ᠭᠠᠴᠠᠭᠠᠨ ᠳᠠᠬᠢ ᠰᠤᠷᠤᠨ᠎ᠠ ᠵᠤᠰᠠᠯᠠᠩ ᠳᠤ ᠶᠠᠪᠤᠬᠳᠠᠭᠤᠯᠪᠠ᠃        ᠲᠤᠰ ᠣᠳᠠᠭᠠᠨ ᠤ ᠤᠷᠤᠯᠳᠤᠭᠠᠨ ᠨᠢ ᠪᠦᠬᠦ ᠬᠤᠰᠢᠭᠤᠨ ᠤ ᠡᠮᠡᠭᠳᠡᠶᠢᠴᠤᠳ ᠤᠨ ᠰᠢᠨ᠎ᠠ ᠶᠢ ᠡᠬᠦᠳᠬᠦ ᠦᠢᠯᠡᠰ ᠪᠤᠰᠬᠠᠬᠤ ᠠᠵᠢᠯᠯᠠᠭ᠎ᠠ᠂ ᠡᠮᠡᠭᠳᠡᠶᠢᠴᠤᠳ ᠤᠨ ᠶᠠᠳᠠᠭᠤ ᠠᠴᠠ ᠠᠩᠬᠢᠵᠢᠷᠠᠭᠤᠯᠬᠤ ᠠᠵᠢᠯᠯᠠᠭ᠎ᠠ ᠶᠢ ᠠᠬᠢᠭᠤᠯᠵᠦ ᠂ ᠡᠮᠡᠭᠳᠡᠶᠢᠴᠤᠳ ᠢ ᠲᠠᠶᠢᠴᠢᠯᠡᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠲᠦ ᠲᠠᠶᠢᠯᠠᠯᠳᠤᠭᠠᠨ ᠤ ᠢᠯᠠᠯᠳᠠ ᠶᠢ ᠤᠯᠬᠤ ᠪᠠ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠥ᠂ ᠡᠮᠡᠭᠳᠡᠶᠢᠴᠤᠳ ᠤᠨ ᠦᠢᠯᠡᠰ ᠪᠤᠰᠬᠠᠵᠥ ᠠᠵᠢᠯ ᠤᠯᠭᠤᠬᠤ ᠵᠠᠮ ᠢ ᠦᠷᠭᠡᠳᠭᠡᠵᠥ᠂ ᠴᠠᠬᠠᠷ ᠪᠦᠰᠡᠬᠦ᠋ᠢᠴᠤᠳ ᠤᠨ ᠤᠷᠠᠨ ᠭᠠᠷ ᠤᠨ ᠤᠷ᠎ᠠ ᠠᠪᠢᠶᠠᠰ ᠢ ᠪᠠᠳᠠᠷᠠᠭᠤᠯᠬᠤ ᠪᠠᠷ ᠵᠤᠷᠢᠯᠭ᠎ᠠ ᠪᠤᠯᠭᠠᠵᠠᠢ᠃ ᠤᠷᠤᠯᠲᠤᠭᠠᠨ ᠳᠤ 24 ᠤᠷᠤᠯᠴᠠᠬᠴᠢ ᠨᠠᠶᠢᠳᠠ 48 ᠬᠤᠤᠰ ᠪᠦᠲᠦᠭᠡᠯ ᠲᠡᠪᠰᠢᠬᠦᠯᠪᠠ᠃ ᠲᠠᠪᠰᠢᠬᠦᠯᠦᠭᠰᠡᠨ ᠪᠦᠲᠦᠬᠡᠯ ᠨᠢ ᠢᠯᠡ ᠲᠤᠲᠤ ᠦᠨᠳᠤᠰᠤᠳᠠᠨ ᠤ ᠬᠤᠪᠴᠠᠰᠦ ᠵᠠᠰᠠᠯ ᠤᠨ ᠤᠨᠴᠠᠯᠢᠭ ᠲᠠᠢ᠂ ᠤᠷᠠᠨ ᠪᠥᠰᠡᠬᠦ᠋ᠢᠴᠤᠳ ᠤᠨ ᠰᠢᠨ᠎ᠠ ᠴᠠᠭ ᠦᠶ᠎ᠡ ᠶᠢᠨ ᠪᠥᠲᠥᠭᠡᠯᠴᠢ ᠰᠡᠳᠬᠢᠴᠡ ᠶᠢ ᠢᠯᠡᠷᠡᠬᠦᠯᠵᠥ᠂ ᠦᠪᠡᠷ ᠤᠨ ᠦᠷᠳᠡᠭ ᠲᠤᠤᠷ᠎ᠠ᠂ ᠵᠢᠭᠤᠯᠴᠢᠯᠠᠯ ᠤᠨ ᠲᠤᠷᠠᠰᠠᠬᠯ ᠤᠨ ᠪᠤᠳᠠᠰ ᠢᠶᠠᠷ ᠲᠡᠯᠭᠡᠨ ᠬᠤᠳᠠᠯᠳᠤᠬᠤ ᠳᠤ ᠲᠤᠬᠢᠷᠠᠬᠰᠠᠨ ᠨᠠᠷᠢᠯᠢᠭ ᠬᠢᠴᠡ ᠨᠠᠷᠢᠨ ᠤᠶᠤᠳᠠᠯ ᠨᠢ ᠰᠤᠨᠢᠷᠬᠠᠬᠰᠠᠨ ᠪᠦᠬᠦᠨ ᠤ ᠰᠡᠳᠬᠢᠯ ᠢ ᠲᠠᠳᠠᠵᠦ᠂ ᠠᠮᠢᠨᠴᠢᠷᠯᠠᠨ ᠨᠢᠭᠡ ᠬᠤᠤᠰ ᠢ ᠠᠪᠤᠮᠠᠷ ᠰᠠᠨᠠᠬᠳᠠᠭᠤᠯᠵᠦ᠂ ᠴᠠᠬᠠᠷ ᠪᠦᠰᠡᠬᠦ᠋ᠢᠴᠤᠳ ᠤᠨ ᠦᠢᠯᠡ ᠶᠢᠨ ᠤᠷᠠᠨ ᠢ ᠪᠦᠷᠢᠨ ᠬᠠᠷᠠᠭᠤᠯᠵᠥ ᠴᠢᠲᠠᠵᠠᠢ᠃       ᠤᠷᠤᠯᠳᠤᠭᠠᠨ ᠳᠤ ᠨᠢᠭᠡᠳᠤᠭᠡᠷ ᠲᠡᠰ ᠲᠤ 1᠂ ᠬᠤᠶᠠᠳᠤᠭᠠᠷ ᠲᠡᠰ ᠲᠤ 3᠂ ᠭᠤᠷᠪᠠᠳᠤᠭᠠᠷ ᠲᠡᠰ ᠲᠤ 5᠂ ᠰᠢᠯᠢᠳᠡᠭ ᠲᠡᠰ ᠲᠤ 7᠂ ᠤᠨᠴᠠᠭᠠᠢ ᠲᠡᠰ ᠲᠤ 8 ᠨᠠᠷ᠎ᠠ ᠶᠢ ᠰᠢᠯᠭᠠᠷᠠᠭᠤᠯᠤᠨ ᠱᠠᠩᠨᠠᠨ ᠬᠥᠬᠢᠬᠦᠯᠵᠥ᠂ ᠤᠷᠤᠯᠴᠠᠬᠰᠠᠳ ᠤᠨ ᠤᠷᠮ᠎ᠠ ᠵᠤᠷᠢᠭ ᠢ ᠭᠦᠭᠵᠢᠬᠡᠵᠦ᠂ ᠤᠷᠤᠨ ᠨᠤᠳᠤᠭ ᠤᠨ ᠦᠨᠳᠤᠰᠤᠳᠠᠨ ᠤ ᠤᠨᠴᠠᠯᠢᠬᠲᠦ ᠭᠠᠷ ᠤᠷᠠᠯᠠᠯ ᠤᠨ ᠴᠢᠨᠠᠷ ᠰᠠᠶᠢᠳᠠᠢ ᠭᠦᠭᠵᠢᠯᠳᠠ ᠳᠤ ᠰᠠᠶᠢᠨ ᠰᠠᠭᠤᠷᠢ ᠲᠠᠯᠪᠢᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号