ᠪᠣᠭᠳᠠ ᠶᠢᠨ ᠭᠤᠣᠯ ᠰᠣᠮᠣᠨ ᠤ ᠬᠦᠳᠦᠯᠠᠤᠰᠤ ᠭᠠᠴᠠᠭ᠎ᠠ ᠬᠠᠮᠳᠤ ᠶᠢᠨ ᠲᠠᠷᠢᠮᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠰᠠᠶᠢᠳᠤᠷ ᠬᠢᠵᠦ ᠬᠠᠮᠳᠤ ᠶᠢᠨ ᠠᠵᠤ ᠠᠬᠤᠢ ᠶᠢᠨ ᠤᠷᠤᠯᠭ᠎ᠠ ᠡᠭᠦᠳᠬᠦ ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2020/9/2
               ᠡᠨᠡ ᠵᠢᠯ ᠬᠦᠪᠡᠭᠡᠳᠤ ᠰᠢᠷ᠎ᠡ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠬᠦᠳᠤᠯᠠᠤᠰᠤ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ ᠪᠡ ᠭᠠᠴᠠᠭᠠᠨ ᠤ ᠨᠠᠮ ᠤᠨ ᠡᠬᠦᠷ᠂ ᠠᠷᠠᠳ ᠤᠨ ᠵᠦᠪᠯᠡᠯ ᠤᠨ ᠬᠢᠨ ᠲᠡᠭᠡᠳᠤ ᠱᠠᠳᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠲᠦᠯᠦᠪᠯᠡᠭᠡ ᠱᠠᠭᠠᠷᠳᠠᠯᠭ᠎ᠠ ᠪᠠᠷ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠠᠯᠢ ᠤᠯᠠᠨ ᠠᠷᠭ᠎ᠠ ᠭᠡᠮᠵᠢᠶ᠎ᠡ ᠶᠢ ᠰᠤᠳᠤᠯᠤᠨ ᠶᠠᠷᠢᠯᠴᠠᠭᠰᠠᠨ ᠤ ᠰᠠᠭᠤᠷᠢᠨ ᠲᠡᠭᠡᠷ᠎ᠡ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢ ᠡᠬᠦᠳᠬᠦ ᠲᠠᠯ᠎ᠡ ᠪᠠᠷ ᠰᠤᠳᠤᠯᠤᠨ ᠪᠠᠶᠢᠷᠢᠯᠠᠭᠤᠯᠵᠤ᠂ ᠭᠠᠴᠠᠭᠠᠨ ᠤ ᠬᠠᠮᠳᠤ ᠶᠢᠨ ᠲᠠᠷᠢᠮᠠᠯ ᠤᠨ ᠰᠠᠭᠤᠷᠢᠨ ᠭᠠᠵᠠᠷ ᠢᠶᠠᠨ ᠪᠦᠳᠦᠭᠡᠨ ᠪᠠᠶᠢᠭᠤᠯᠤᠨ ᠠᠰᠢᠭᠯᠠᠵᠤ᠂ ᠲᠠᠷᠢᠮᠠᠯ ᠲᠠᠷᠢᠵᠤ ᠤᠷᠤᠯᠭ᠎ᠠ ᠡᠬᠦᠳᠬᠦ ᠪᠠᠷ ᠲᠤᠭᠳᠠᠭᠰᠠᠨ ᠪᠠᠶᠢᠨ᠎ᠡ᠃        ᠳᠤᠰ ᠭᠠᠴᠠᠭ᠎ᠠ ᠬᠠᠮᠳᠤ ᠶᠢᠨ ᠲᠠᠷᠢᠮᠡᠯ ᠤᠨ ᠰᠠᠭᠤᠷᠢᠨ ᠭᠠᠵᠠᠷ ᠢᠶᠠᠨ ᠪᠦᠳᠦᠭᠡᠨ ᠪᠠᠶᠢᠭᠤᠯᠵᠤ ᠠᠰᠢᠭᠯᠠᠬᠤ  ᠳᠤ   ᠪᠠᠨ᠂ ᠬᠠᠮᠤᠭ ᠲᠡᠷᠢᠬᠦᠨ ᠳᠤ ᠲᠡᠭᠡᠳᠤ ᠱᠠᠳᠤᠨ ᠤ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠲᠠᠢ ᠰᠠᠶᠢᠳᠤᠷ ᠬᠠᠷᠢᠯᠴᠠᠵᠤ᠂ ᠨᠢᠭᠡ ᠬᠦᠨ ᠮᠠᠰᠢᠨ ᠬᠤᠳᠳᠤᠭ ᠮᠠᠯᠳᠠᠭᠤᠯᠵᠤ᠂ ᠠᠰᠢᠭᠯᠠᠯᠳᠠ ᠳᠤ ᠤᠷᠤᠭᠤᠯᠤᠭᠰᠠᠨ ᠮᠦᠷᠳᠡᠭᠡᠨ ᠤᠰᠤᠨ ᠤ ᠭᠡᠮᠵᠢᠶ᠎ᠡ ᠨᠢ ᠪᠠᠷᠢᠮᠵᠢᠶᠡᠨ ᠳᠤ ᠬᠦᠷᠦᠭᠰᠡᠨ ᠪᠠᠶᠢᠨ᠎ᠠ᠃ ᠲᠠᠷᠠᠭ᠎ᠠ ᠳᠤ ᠨᠢ ᠭᠠᠴᠠᠭ᠎ᠠ ᠶᠢ ᠲᠠᠭᠠᠭᠠᠴᠢᠯᠠᠵᠤ ᠪᠠᠶᠢᠭ᠎ᠠ ᠪᠠᠶᠢᠭᠤᠯᠭ᠎ᠠ ᠪᠤᠯᠬᠤ ᠬᠥᠪᠡᠭᠡᠳᠤ ᠰᠢᠷ᠎ᠠ ᠬᠤᠰᠢᠭᠤᠨ ᠤ ᠴᠠᠭ ᠠᠭᠤᠷ ᠤᠨ ᠲᠤᠪᠴᠢᠶ᠎ᠡ ᠲᠤᠰ ᠮᠠᠰᠢᠨ ᠬᠤᠳᠳᠤᠭ ᠲᠤ ᠦᠨᠳᠤᠷ ᠬᠦᠴᠦᠳᠡᠯᠳᠤ ᠴᠠᠬᠢᠯᠭᠠᠨ ᠨᠡᠪᠳᠡᠷᠡᠬᠦᠯᠦᠨ ᠦᠭᠴᠦ᠂ ᠲᠠᠷᠢᠮᠠᠯ ᠤᠨ ᠰᠠᠭᠤᠷᠢᠨ ᠭᠠᠵᠠᠷ ᠢᠶᠠᠨ ᠤᠰᠤᠯᠠᠬᠤ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠬᠦᠯᠦᠨ ᠦᠭᠴᠠᠢ᠃        ᠡᠨᠡ ᠬᠠᠪᠤᠷ ᠬᠦᠳᠤᠯᠠᠤᠰᠤ ᠭᠠᠴᠠᠭ᠎ᠠ ᠬᠠᠮᠳᠤ ᠶᠢᠨ ᠲᠠᠷᠢᠮᠡᠯ ᠤᠨ ᠰᠠᠭᠤᠷᠢᠨ ᠭᠠᠵᠠᠷ ᠲᠤ ᠪᠠᠨ 260 ᠮᠤ᠋ ᠭᠠᠵᠠᠷ ᠬᠠᠭᠠᠯᠪᠤᠷᠢᠯᠠᠵᠤ᠂ ᠦᠨᠳᠤᠷ ᠤᠨᠠᠯᠳᠠ ᠲᠠᠢ ᠨᠤᠭᠤᠭᠠᠨ ᠲᠠᠷᠤᠰᠢ ᠶᠢᠨ ᠡᠷᠳᠡᠨᠢ ᠰᠢᠰᠢ ᠲᠠᠷᠢᠪᠡ᠃ ᠭᠡᠪᠡᠴᠦ ᠲᠠᠷᠢᠮᠠᠯ ᠤᠨ ᠰᠠᠭᠤᠷᠢᠨ ᠭᠠᠵᠠᠷ ᠲᠤ ᠤᠰᠤᠯᠠᠬᠤ ᠮᠠᠰᠢᠨ ᠲᠦᠬᠦᠭᠡᠷᠤᠮᠵᠢ ᠪᠠᠶᠢᠬᠤ ᠴᠢᠬᠤᠯᠠᠳᠠᠢ ᠭᠡᠳᠡᠭ ᠢ ᠠᠯᠢ ᠡᠷᠳᠡ ᠮᠡᠳᠡᠭᠰᠡᠨ ᠭᠠᠴᠠᠭᠠᠨ ᠤ ᠠᠵᠢᠯᠯᠠᠬᠤ ᠲᠤᠭᠤᠶᠢᠯᠠᠩ ᠪᠡ ᠭᠠᠴᠠᠭᠠᠨ ᠤ ᠨᠠᠮ ᠤᠨ ᠡᠬᠦᠷ᠂ ᠠᠷᠠᠳ ᠤᠨ ᠵᠦᠪᠯᠡᠯ ᠨᠢ ᠪᠤᠳᠠᠳᠠᠢ ᠠᠷᠭ᠎ᠠ ᠭᠡᠮᠵᠢᠶ᠎ᠡ ᠠᠪᠴᠤ᠂ ᠭᠠᠳᠠᠨ᠎ᠠ ᠭᠠᠵᠠᠷ ᠠᠴᠠ ᠲᠠᠷᠢᠮᠠᠯ ᠤᠨ ᠰᠠᠭᠤᠷᠢᠨ ᠭᠠᠵᠠᠷ ᠲᠤ ᠭᠡᠷᠡᠭᠯᠡᠬᠦ ᠰᠢᠨ᠎ᠠ ᠮᠠᠶ᠋ᠢᠭ ᠤᠨ ᠲᠤᠰᠤᠯᠠᠭᠤᠯᠵᠤ ᠤᠰᠤᠯᠠᠬᠤ ᠮᠠᠰᠢᠨ ᠲᠦᠬᠦᠭᠡᠷᠤᠮᠵᠢ ᠶᠢ ᠤᠷᠤᠭᠤᠯᠤᠨ ᠠᠪᠴᠢᠷᠠᠵᠤ᠂ ᠮᠠᠯᠴᠢᠳ ᠢᠶᠠᠨ ᠵᠤᠬᠢᠶᠡᠨ ᠪᠠᠶᠢᠭᠤᠯᠵᠤ᠂ ᠭᠠᠵᠠᠷ ᠲᠤᠤᠭᠤᠷ ᠭᠤᠤᠷᠰᠤ ᠤᠭᠰᠠᠷᠠᠵᠤ᠂ ᠰᠢᠨ᠎ᠡ ᠮᠡᠷᠭᠡᠵᠢᠯ ᠤᠨ ᠮᠠᠰᠢᠨ ᠪᠠᠭᠠᠵᠢ ᠪᠠᠷ ᠲᠠᠷᠢᠮᠡᠯ ᠢᠶᠠᠨ ᠤᠰᠤᠯᠠᠵᠤ ᠪᠠᠶᠢᠬᠤ ᠪᠦᠭᠡᠳ ᠤᠳᠤᠬᠠᠨ ᠪᠤᠯᠳᠠᠯ᠎ᠠ ᠤᠷᠭᠤᠴᠠ ᠶᠢᠨ ᠪᠠᠶᠢᠳᠠᠯ ᠨᠡᠯᠢᠶᠡᠳ ᠰᠠᠶᠢᠨ ᠪᠠᠶᠢᠭᠰᠠᠭᠠᠷ ᠪᠠᠶᠢᠨ᠎ᠡ᠃ ᠨᠠᠮᠤᠷ ᠪᠤᠯᠳᠠᠯ᠎ᠠ ᠡᠨᠡᠬᠦ ᠬᠠᠮᠳᠤ ᠶᠢᠨ ᠲᠠᠷᠢᠮᠡᠯ ᠤᠨ ᠰᠠᠭᠤᠷᠢᠨ ᠭᠠᠵᠠᠷ ᠤᠨ ᠨᠤᠭᠤᠭᠠᠨ ᠲᠠᠷᠤᠰᠢ ᠡᠯᠪᠡᠭ ᠬᠤᠷᠢᠶᠠᠯᠳᠠ ᠤᠯᠬᠤ ᠳᠤ ᠬᠦᠷᠪᠡᠯ ᠬᠠᠮᠳᠤ ᠶᠢᠨ ᠠᠵᠤ ᠠᠬᠤᠢ ᠳᠤ ᠪᠠᠨ ᠶᠡᠭᠡᠭᠡᠨ ᠤᠷᠤᠯᠭ᠎ᠠ ᠡᠬᠦᠳᠬᠦ ᠪᠤᠯᠤᠨ᠎ᠠ᠃       ᠡᠨᠡ ᠵᠢᠯ ᠪᠠᠰᠠ ᠴᠦᠭᠡᠨ ᠲᠤᠭᠠᠳᠤ ᠦᠨᠳᠤᠰᠤᠳᠡᠨ ᠤ ᠬᠦᠭᠵᠢᠬᠦᠯᠦᠯᠳᠡ ᠶᠢᠨ ᠪᠡᠯᠡ ᠮᠦᠩᠬᠦᠨ ᠤ ᠲᠦᠷᠦᠯ ᠵᠦᠢᠯ ᠪᠤᠯᠬᠤ 904 ᠭᠡᠯᠪᠡᠷᠢ ᠶᠢᠨ ᠲᠷᠠᠺᠲ᠋ᠤᠷ 1᠂ 404 ᠭᠡᠯᠪᠡᠷᠢ ᠶᠢᠨ ᠲᠷᠠᠺᠲ᠋ᠤᠷ 1᠂ 250 ᠭᠡᠯᠪᠡᠷᠢ ᠶᠢᠨ ᠲᠷᠠᠺᠲ᠋ᠤᠷ 2᠂ ᠴᠢᠷᠦᠬᠦᠯ ᠲᠡᠷᠭᠡ 1᠂ ᠡᠪᠡᠰᠤ ᠬᠠᠳᠤᠬᠤ ᠮᠠᠰᠢᠨ 3᠂ ᠡᠪᠡᠰᠤ ᠬᠠᠮᠤᠬᠤ ᠪᠦᠳᠦᠬᠦᠨ ᠮᠠᠰᠢᠨ 1᠂ ᠡᠪᠡᠰᠤ ᠪᠤᠭᠤᠵᠢᠯᠠᠬᠤ ᠪᠦᠳᠦᠭᠦᠨ ᠮᠠᠰᠢᠨ ᠵᠡᠷᠭᠡ ᠨᠡᠶᠢᠳᠡ 41 ᠲᠦᠮᠡ 9000 ᠲᠦᠬᠦᠷᠢᠭ ᠤᠨ ᠦᠷᠳᠡᠭ ᠪᠦᠬᠦᠢ ᠮᠠᠰᠢᠨ ᠪᠠᠭᠠᠵᠢ ᠶᠢᠨ ᠲᠦᠷᠦᠯ ᠵᠦᠢᠯ ᠢ ᠡᠷᠡᠮᠡᠯᠵᠡᠨ ᠤᠯᠤᠭᠰᠠᠨ ᠪᠠᠶᠢᠨ᠎ᠡ᠃ ᠡᠳᠡᠭᠡᠷ ᠲᠦᠷᠦᠯ ᠵᠦᠢᠯ ᠤᠨ ᠮᠠᠰᠢᠨ ᠪᠠᠭᠠᠵᠢ ᠪᠠᠨ ᠭᠡᠷᠡᠭᠯᠡᠬᠦ ᠳᠤ ᠪᠠᠨ ᠤᠷᠢᠳᠠᠪᠠᠷ ᠮᠠᠯᠴᠢᠳ ᠤᠨ ᠠᠵᠢᠯ ᠤᠨ ᠲᠤᠭᠤᠶᠢᠯᠠᠩ ᠪᠠᠶᠢᠭᠤᠯᠵᠤ᠂ ᠲᠤᠭᠤᠶᠢᠯᠠᠩ ᠤᠨ ᠬᠠᠷᠢᠭᠤᠴᠠᠯᠭᠠᠳᠠᠨ ᠢ ᠲᠤᠮᠢᠯᠠᠵᠤ᠂ ᠮᠠᠰᠢᠨ ᠪᠠᠭᠠᠵᠢ ᠪᠠᠨ ᠬᠠᠮᠢᠶᠠᠷᠴᠤ᠂ ᠭᠠᠴᠠᠭᠠᠨ ᠤ ᠮᠠᠯᠴᠢᠳ ᠲᠤ ᠪᠠᠨ ᠦᠢᠯᠡᠴᠢᠯᠡᠬᠦᠯᠦᠨ᠂ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠠᠵᠢᠯ ᠳᠤ ᠰᠠᠭᠤᠷᠢ ᠲᠠᠯᠪᠢᠨ᠂ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号