︵ᠠᠷᠪᠠᠨ ᠬᠤᠶᠠᠷ︶ ᠬᠦᠪᠡᠭᠡᠲᠦ ᠰᠢᠷ᠎ᠠ ᠬᠤᠰᠢᠭᠤᠨ ᠤ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠥᠷᠨᠢᠬᠦᠨ ᠬᠦᠭᠵᠢᠯᠲᠡ
ᠨᠡᠶᠢᠲᠡᠯᠡᠭᠰᠡᠨ ᠴᠠᠭ᠄
2020/9/2
      ᠬᠦᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠨᠢ ᠤᠷᠳᠤ ᠤᠳᠠᠭᠠᠨ ᠲᠡᠦᠬᠡ ᠶᠢᠨ ᠤᠯᠠᠮᠵᠢᠯᠠᠯ ᠲᠠᠢ᠂ ᠪᠤᠯᠪᠠᠰᠤᠷᠠᠭᠤᠯᠬᠤ ᠠᠷᠭ᠎ᠠ ᠨᠢ ᠨᠠᠷᠢᠯᠢᠭ᠂ ᠦᠨᠦᠷ ᠠᠮᠲᠠ ᠨᠢ ᠰᠠᠶᠢᠬᠠᠨ ᠪᠠᠶᠢᠳᠠᠭ ᠢᠶᠠᠷ ᠢᠶᠠᠨ ︽ᠣᠷᠳᠤᠨ ᠤ ᠴᠠᠭᠠᠨ ᠢᠳᠡᠭᠡᠨ︾ ᠭᠡᠵᠤ ᠠᠯᠳᠠᠷᠰᠢᠭᠰᠠᠨ ᠪᠢᠯᠡ᠃       ᠣᠶᠢᠷ᠎ᠠ ᠶᠢᠨ ᠵᠢᠯ ᠳᠤ᠂ ᠬᠦᠪᠡᠭᠡᠲᠦ ᠰᠢᠷ᠎ᠠ ᠬᠤᠰᠢᠭᠤ ᠨᠢ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠠᠷᠠᠳ ᠢ ᠪᠠᠶᠠᠵᠢᠭᠤᠯᠬᠤ ᠠᠵᠤ ᠦᠢᠯᠡᠰ ᠪᠠ ᠶᠠᠳᠠᠭᠤ ᠶᠢ ᠲᠡᠳᠬᠦᠬᠦ ᠭᠤᠣᠯᠯᠠᠭᠴᠢ ᠠᠵᠤ ᠦᠢᠯᠡᠰ ᠤᠨ ᠨᠢᠭᠡ ᠪᠤᠯᠭᠠᠵᠤ᠂ ᠦᠢᠯᠡᠴᠢᠯᠡᠨ ᠵᠢᠯᠤᠭᠤᠳᠬᠤ ᠪᠠᠨ ᠴᠢᠩᠭᠠᠳᠬᠠᠵᠤ᠂ ᠲᠥᠷᠦ ᠶᠢᠨ ᠪᠣᠳᠤᠯᠭ᠎ᠠ ᠶᠢ ᠨᠠᠶᠢᠳᠠᠪᠦᠷᠢᠵᠢᠭᠤᠯᠤᠨ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠪᠤᠢ᠃       ᠪᠦᠷᠢᠳᠭᠡᠯ ᠢ ᠦᠨᠳᠦᠰᠦᠯᠡᠪᠡᠯ᠂ ᠪᠦᠬᠦ ᠬᠤᠰᠢᠭᠤᠨ ᠤ ᠴᠠᠭᠠᠨ ᠢᠳᠡᠭᠡᠨ ᠤ ᠦᠢᠯᠡᠰ ᠤᠨ ᠬᠡᠯᠬᠢᠶᠡᠨ ᠳᠤ ᠦᠢᠯᠡᠰ ᠡᠷᠬᠢᠯᠡᠵᠦ ᠪᠠᠶᠢᠭ᠎ᠠ ᠬᠦᠮᠦᠰ ᠪᠠᠷᠤᠭ 900 ᠭᠠᠷᠤᠢ ᠪᠠᠶᠢᠵᠤ᠂ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠭ᠎ᠠ ᠬᠦᠮᠦᠰ ᠤᠨ ᠲᠤᠮᠳᠠᠴᠢ ᠵᠢᠯ ᠤᠨ ᠴᠡᠪᠡᠷ ᠤᠷᠤᠯᠭ᠎ᠠ ᠨᠢ 3 ᠲᠥᠮᠡᠨ ᠲᠦᠭᠦᠷᠢᠭ ᠲᠤ ᠬᠦᠷᠴᠦ᠂ ᠪᠤᠷᠤᠯᠠᠭᠤᠯᠵᠤ ᠪᠠᠶᠢᠭ᠎ᠠ ᠬᠦᠮᠦᠰ ᠤᠨ ᠬᠦᠮᠦᠨ ᠲᠤᠮᠳᠠᠴᠢ ᠵᠢᠯ ᠤᠨ ᠤᠷᠤᠯᠭ᠎ᠠ ᠨᠢ 1.5 ᠲᠥᠮᠡᠨ ᠲᠦᠭᠦᠷᠢᠭ ᠲᠤ ᠬᠦᠷᠦᠭᠰᠡᠨ ᠪᠠᠶᠢᠨ᠎ᠠ᠃       ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠬᠦᠭᠵᠢᠯᠲᠡ ᠶᠢ ᠠᠬᠢᠭᠤᠯᠬᠤ ᠶᠢᠨ ᠲᠦᠯᠦᠭᠡ ᠬᠦᠪᠡᠭᠡᠲᠦ ᠰᠢᠷ᠎ᠠ ᠬᠤᠰᠢᠭᠤ ᠨᠢ ᠦᠨᠳᠦᠰᠦᠳᠡᠨ ᠤ ᠤᠯᠠᠮᠵᠢᠯᠠᠯᠲᠤ ᠴᠭᠠᠠᠨ ᠢᠳᠡᠭᠡᠨ ᠤ ᠦᠢᠯᠡᠰ ᠤᠨ ᠲᠤᠭᠤᠷᠢᠭ ᠢ ᠪᠦᠳᠦᠭᠡᠨ ᠪᠠᠶᠢᠭᠤᠯᠵᠤ᠂ ᠤᠳᠠᠯ ᠦᠬᠡᠢ ᠠᠰᠢᠭᠯᠠᠯᠲᠠ ᠳᠤ ᠤᠷᠤᠭᠤᠯᠬᠤ ᠪᠠᠷ ᠪᠤᠢ᠃ ᠲᠤᠰ ᠲᠤᠭᠤᠷᠢᠭ ᠨᠢ ᠠᠰᠢᠭᠯᠠᠯᠲᠠ ᠳᠤ ᠤᠷᠤᠭᠰᠠᠨ ᠤ ᠲᠠᠷᠠᠭ᠎ᠠ᠂ ᠭᠠᠷ ᠦᠢᠡᠯᠳᠭᠡᠯ ᠤᠨ ᠦᠢᠯᠡᠳᠪᠦᠷᠢᠯᠡᠯ ᠲᠠᠷᠬᠠᠢ ᠪᠤᠲᠠᠷᠬᠠᠢ ᠪᠠᠶᠢᠵᠤ᠂ ᠪᠠᠷᠢᠮᠵᠢᠶ᠎ᠠ ᠨᠢ ᠨᠢᠭᠡᠳᠦᠯ ᠦᠭᠡᠢ᠂ ᠬᠢᠨᠠᠨ ᠬᠠᠮᠢᠶᠠᠷᠬᠤ ᠳᠤ ᠬᠦᠴᠢᠷᠲᠠᠢ ᠵᠡᠷᠭᠡ ᠠᠰᠠᠭᠤᠳᠠᠯ ᠤᠳ ᠢ ᠰᠢᠢᠳᠪᠦᠷᠢᠯᠡᠵᠦ᠂ 200 ᠠᠵᠢᠯ ᠤᠨ ᠪᠠᠶᠢᠷᠢ ᠬᠠᠩᠭᠠᠨ᠂ ᠵᠢᠯ ᠳᠤ 6000 ᠲᠤᠨ ᠰᠦ ᠪᠤᠯᠪᠠᠰᠤᠷᠠᠭᠤᠯᠵᠤ᠂ ᠵᠢᠯ ᠤᠨ ᠦᠢᠯᠡᠳᠪᠦᠷᠢᠯᠡᠯ ᠤᠨ ᠥᠷᠳᠡᠭ ᠨᠢ 3000 ᠲᠦᠮᠡᠨ ᠲᠦᠬᠦᠷᠢᠭ ᠠᠴᠠ ᠲᠡᠭᠡᠭᠰᠢ ᠳᠤ ᠬᠦᠷᠬᠦ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号