ᠠᠭᠤᠰᠬᠢᠨ ᠤ ᠥᠮᠡᠨ ᠢ ᠰᠡᠷᠭᠡᠶᠢᠯᠡᠬᠦ ᠳᠤ ᠶᠠᠭᠤ ᠶᠢ ᠠᠩᠬᠠᠷᠬᠤ ᠬᠡᠷᠡᠭᠲᠡᠶ ᠪᠣᠶ︖
ᠨᠡᠶᠢᠲᠡᠯᠡᠭᠰᠡᠨ ᠴᠠᠭ᠄
2020/9/21
     ︽ᠲᠠᠮ ᠲᠠᠮᠠᠬᠢ︾ ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠬᠦᠯᠳᠡᠭ᠃ ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ︽2019 ᠣᠨ ᠤ ᠪᠥᠬᠦ ᠤᠯᠤᠰ ᠤᠨ ᠥᠮᠡᠨ ᠡᠪᠡᠳᠴᠢᠨ ᠤ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠯᠣᠰ ᠤᠨ ᠰᠢᠨ᠎ᠡ ᠪᠠᠷ ᠡᠭᠦᠰᠦᠭᠰᠡᠨ ᠠᠭᠤᠰᠬᠢᠨ ᠤ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ ᠨᠡᠷᠪᠡᠭᠳᠡᠭᠰᠡᠨ ᠬᠥᠮᠦᠨ ᠤ ᠲᠤᠭ᠎ᠠ ᠶᠢᠨ 20.03% ᠶᠢ ᠡᠵᠡᠯᠡᠵᠦ᠂ ᠠᠭᠤᠰᠬᠢᠨ ᠥᠮᠡᠨ ᠠᠴᠠ ᠪᠣᠯᠵᠤ ᠦᠬᠦᠭᠰᠡᠨ ᠬᠥᠮᠦᠨ ᠤ ᠲᠤᠭ᠎ᠠ ᠨᠢ ᠬᠤᠣᠷᠲᠤ ᠬᠠᠪᠤᠳᠠᠷ ᠠᠴᠠ ᠪᠣᠯᠵᠤ ᠦᠬᠦᠭᠰᠡᠨ ᠪᠦᠬᠦ ᠲᠣᠭᠠᠨ ᠤ 26.99% ᠶᠢ ᠡᠵᠡᠯᠡᠵᠦ᠂ ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ‌ᠵᠠᠰᠠᠬᠤ ᠶᠢ ᠴᠢᠩᠭᠠᠳᠬᠠᠬᠤ ᠨᠢ ᠨᠢᠳᠦᠨ ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ᠤ ᠲᠥᠪ ᠤᠨ ᠡᠷᠬᠢᠯᠡᠭᠴᠢ ᠡᠤ ᠵᠢᠩ ᠣᠶᠢᠷ᠎ᠠ ᠳᠤ ᠶᠠᠪᠤᠭᠳᠠᠭᠰᠠᠨ 2020 ᠣᠨ ᠤ ᠳᠤᠮᠳᠠᠳᠤ ᠤᠯᠤᠰ ᠤᠨ ᠠᠭᠤᠰᠬᠢᠨ ᠤ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠡᠭᠡᠷ᠎ᠡ ᠬᠡᠯᠡᠭᠰᠡᠨ ᠨᠢ᠂ ᠲᠠᠮᠠᠬᠢ ᠲᠠᠲᠠᠬᠤ ᠪᠣᠯ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ ᠠᠶᠣᠯ ᠲᠠᠢ ᠡᠯᠧᠮᠧᠨ᠋ᠲ ᠪᠣᠯᠤᠨ᠎ᠠ᠃ ᠡᠭᠦᠨ ᠳᠤ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ ᠲᠠᠲᠠᠬᠤ ᠪᠠᠭᠲᠠᠨ᠎ᠠ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠭᠰᠠᠨ ᠠᠴᠠ ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥᠮᠪᠥᠷᠴᠡᠭ ᠤᠨ ᠠᠭᠤᠰᠬᠢᠨ ᠤ ᠥᠮᠡᠨ ᠡᠪᠡᠳᠴᠢᠲᠡᠨ ᠤ 80%—85% ᠶᠢ ᠡᠵᠡᠯᠡᠵᠦ ᠪᠠᠶᠢᠨ᠎ᠠ᠃ ᠲᠠᠮᠠᠬᠢ ᠲᠠᠳᠠᠭᠰᠠᠨ ᠠᠴᠠ ᠠᠭᠤᠰᠬᠢᠨ ᠥᠮᠡᠨ ᠳᠤ ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ ᠢ ᠲᠠᠭᠠᠯᠳᠣᠨ ᠨᠡᠮᠡᠭᠳᠡᠨ᠎ᠡ᠂ ᠬᠡᠷᠪᠡ ᠴᠠᠭ ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ ᠵᠣᠬᠢᠴᠠᠩᠭᠤᠶ ᠪᠠᠷ ᠪᠠᠭᠠᠰᠬᠤ ᠪᠣᠯᠤᠨ᠎ᠠ᠃ ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ ᠮᠥᠨ ᠴᠦ ᠠᠭᠤᠰᠬᠢᠨ  ᠤ ᠥᠮᠡᠨ ᠤ ᠨᠢᠭᠡ ᠶᠡᠭᠡ ᠠᠶᠤᠯᠲᠤ ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ ᠭᠠᠳᠠᠨᠠᠬᠢ ᠪᠣᠬᠢᠷᠲᠤᠯ ᠨᠢ ᠭᠤᠤᠯᠳᠠᠭᠤ PM2.5 ᠶᠢᠨ ᠪᠣᠬᠢᠷᠲᠤᠯ ᠪᠣᠯᠤᠨ᠎ᠠ᠃ ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠠᠭᠠᠷ ᠰᠠᠯᠬᠢ ᠨᠡᠪᠲᠡᠷᠡᠬᠦ ᠦᠭᠡᠢ ᠠᠴᠠ ᠪᠣᠢ ᠪᠣᠯᠳᠠᠭ᠃ ᠢᠯᠠᠩᠭᠤᠶ᠎ᠠ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ ᠤᠲᠤᠭ᠎ᠠ ᠠᠴᠠ ᠪᠣᠯᠣᠭᠰᠠᠨ ᠭᠡᠷ ᠳᠣᠲᠣᠷᠠᠬᠢ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ ᠡᠯᠧᠮᠧᠨ᠋ᠲ ᠤᠨ ᠨᠢᠭᠡ ᠭᠡᠵᠦ ᠦᠵᠡᠳᠡᠭ᠃ ᠠᠷᠰᠧᠨ ᠠᠭᠤᠯᠤᠭᠰᠠᠨ ᠤᠤᠭᠤᠬᠤ ᠤᠰᠤ᠂ β — ᠬᠤᠯᠤᠤᠪᠠᠩ ᠤᠨ ᠡᠳ᠋ ᠤᠨ ᠨᠥᠬᠦᠪᠥᠷᠢ ᠡᠳ᠋᠂ ᠡᠳ᠋ᠰᠢᠯᠡᠭᠦᠯᠣᠭ᠍ᠰᠡᠨ ᠮᠢᠬ᠎ᠠ ᠪᠠ ᠰᠫᠢᠷᠲ ᠤᠮᠳᠠᠭᠠᠨ ᠢ ᠣᠷᠳᠣ ᠬᠤᠭᠤᠴᠠᠭ᠎ᠠ ᠪᠠᠷ ᠢᠳᠡᠵᠦ ᠤᠤᠭᠤᠪᠠᠯ ᠠᠭᠤᠰᠬᠢᠨ ᠤ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠵᠣᠬᠢᠰᠲᠠᠶ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠡᠨᠡ ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠠᠭᠤᠰᠬᠢᠨ ᠥᠮᠡᠨ ᠭᠡᠬᠦ ᠡᠨᠡ ᠬᠦ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ ᠪᠠᠰᠠ ᠨᠢᠭᠡ ᠵᠦᠢᠯ ᠤᠨ ᠰᠡᠷᠭᠡᠶᠢᠯᠡᠵᠦ ᠳᠡᠶᠢᠯᠬᠦ ᠡᠪᠡᠳᠴᠢᠨ ᠪᠣᠯᠤᠨ᠎ᠠ ᠭᠡᠵᠡᠢ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号