ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠠᠭᠤᠷᠢᠰᠢᠯ ᠤᠨ ᠪᠠᠭᠤᠷᠢ ᠶᠢ ᠢᠯᠡᠷᠡᠬᠦᠯᠪᠡ
ᠨᠡᠶᠢᠲᠡᠯᠡᠭᠰᠡᠨ ᠴᠠᠭ᠄
2020/9/21
    6 ᠰᠠᠷ᠎ᠠ ᠶᠢᠨ ᠳᠤᠮᠳᠠᠴᠢ ᠠᠴᠠ 9 ᠰᠠᠷ᠎ᠠ ᠶᠢᠨ ᠳᠤᠮᠳᠠᠴᠢ ᠪᠤᠯᠲᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠤᠬᠡ ᠶᠢᠨ ᠳᠤᠷᠠᠰᠬᠠᠯᠲᠦ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠨᠢ ᠰᠢᠯᠢ ᠶᠢᠨ ᠭᠤᠤᠯ ᠠᠶᠢᠮᠠᠭ ᠤᠨ ᠲᠡᠤᠬᠡ ᠶᠢᠨ ᠳᠤᠷᠠᠰᠬᠠᠯᠲᠦ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠦᠷᠲᠡᠭᠡ᠂ ᠬᠦᠪᠡᠭᠡᠲᠦ ᠰᠢᠷ᠎ᠠ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠳᠤᠪᠴᠢᠶ᠎ᠠ ᠲᠠᠢ ᠬᠠᠮᠳᠤᠷᠠᠨ ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠨᠠᠶᠢᠷ ᠤᠨ ᠲᠤᠯᠤᠭᠠᠢ ᠭᠠᠴᠠᠭᠠᠨ ᠤ ᠰᠠᠭᠤᠷᠢᠰᠢᠯ ᠤᠨ ᠦᠯᠡᠳᠡᠭᠳᠡᠯ ᠪᠠ ᠪᠤᠯᠠᠰᠢᠨ ᠤ ᠰᠦᠷᠦᠭᠵᠢᠯ ᠳᠤ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠬᠢᠵᠤ᠂ ᠮᠠᠰᠢ ᠤᠯᠠᠨ ᠰᠤᠳᠤᠯᠭᠠᠨ ᠤ ᠦᠨ᠎ᠡ ᠦᠷᠲᠡᠭ ᠲᠠᠢ ᠡᠳ᠋ ᠪᠤᠳᠠᠰ ᠢ ᠢᠯᠡᠷᠡᠬᠦᠯᠦᠭᠰᠡᠨ ᠪᠠᠶᠢᠨ᠎ᠠ     ︽ᠨᠠᠶᠢᠷ ᠤᠨ ᠲᠤᠯᠤᠭᠠᠢ ᠭᠠᠴᠠᠭᠠᠨ ᠤ ᠡᠷᠲᠡᠨ ᠤ ᠪᠠᠭᠤᠷᠢ ᠨᠢ ᠬᠦᠪᠡᠭᠡᠲᠦ ᠰᠢᠷ᠎ᠠ ᠬᠤᠰᠢᠭᠤᠨ ᠤ ᠵᠡᠬᠦᠨ ᠡᠮᠦᠨ᠎ᠡ ᠬᠡᠰᠡᠭ ᠲᠤ ᠪᠠᠶᠢᠷᠢᠯᠠᠵᠤ᠂ ᠲᠠᠯᠠᠪᠠᠢ ᠪᠠᠷ ᠮᠠᠰᠢ ᠶᠡᠭᠡ᠂ ᠶᠡᠷᠦᠩᠬᠡᠢ ᠳᠡᠭᠡᠨ ᠭᠤᠷᠪᠠᠨ ᠬᠡᠰᠡᠭ ᠠᠴᠠ ᠪᠦᠷᠢᠯᠳᠦᠵᠤ᠂ ᠡᠬᠦᠨ ᠳᠤ ᠨᠢᠭᠡ᠂ ᠬᠤᠶᠠᠳᠤᠭᠠᠷ ᠬᠡᠰᠡᠭ ᠨᠢ ᠡᠷᠲᠡᠨ ᠤ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ  ᠶᠢᠨ ᠪᠠᠭᠤᠷᠢ ᠪᠠᠶᠢᠵᠤ᠂ ᠭᠤᠷᠪᠠᠳᠤᠭᠠᠷ ᠬᠡᠰᠡᠭ ᠨᠢ ᠰᠢᠶᠠᠨᠪᠢ ᠶᠢᠨ ᠪᠤᠯᠠᠰᠢᠨ ᠰᠦᠷᠦᠭᠵᠢᠯ ᠪᠤᠯᠤᠨ᠎ᠠ᠃ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠨᠢ 8000 ᠠᠴᠠ 7500 ᠵᠢᠯ ᠤᠨ ᠡᠮᠦᠨᠡᠬᠢ ᠲᠡᠤᠬᠡ ᠲᠠᠢ᠃ ᠡᠨᠡ  ᠨᠢ ᠮᠠᠨ ᠤ ᠤᠮᠠᠷᠠᠲᠦ ᠶᠢᠨ ᠲᠠᠯ᠎ᠠ ᠨᠤᠲᠤᠭ᠂ ᠤᠨᠴᠠᠭᠠᠶᠢᠯᠠᠨ ᠰᠢᠯᠢ ᠶᠢᠨ ᠭᠤᠤᠯ ᠠᠶᠢᠮᠠᠭ ᠠᠴᠠ ᠢᠯᠡᠷᠡᠬᠦᠯᠦᠭᠰᠡᠨ ᠠᠩᠬᠠᠳᠠᠭᠴᠢ ᠲᠤᠮᠤ ᠬᠡᠯᠪᠡᠷᠢ ᠶᠢᠨ ᠰᠠᠭᠤᠷᠢᠰᠢᠯ ᠤᠨ ᠦᠯᠡᠳᠡᠭᠳᠡᠯ ᠪᠠᠶᠢᠵᠤ᠂ ᠤᠳᠤ ᠪᠤᠯᠲᠠᠯ᠎ᠠ ᠪᠢᠳᠡ 2500 ᠳᠡᠭᠰᠢ ᠳᠦᠷᠪᠡᠯᠵᠢᠨ ᠮᠧᠲᠷ ᠬᠠᠶᠢᠨ ᠰᠢᠨᠵᠢᠯᠡᠯᠲᠡ ᠬᠢᠵᠤ᠂ ᠡᠬᠦᠨ ᠳᠤ ᠡᠷᠲᠡ ᠦᠶ᠎ᠡ ᠶᠢᠨ ᠴᠠᠭ ᠬᠤᠭᠤᠴᠠᠭᠠᠨ ᠤ 27 ᠭᠡᠷ ᠤᠨ ᠪᠠᠭᠤᠷᠢ᠂ 1 ᠪᠤᠯᠠᠰᠢ ᠶᠢ ᠨᠡᠭᠡᠭᠡᠨ ᠰᠢᠨᠵᠢᠯᠡᠵᠤ᠂ ᠰᠢᠶᠠᠨᠪᠢ ᠶᠢᠨ ᠦᠶ᠎ᠡ ᠶᠢᠨ 15 ᠪᠤᠰᠤᠭ᠎ᠠ ᠨᠦᠬᠡᠲᠦ ᠰᠢᠷᠤᠢ ᠶᠢᠨ ᠤᠩᠭᠤᠨ ᠢ ᠨᠡᠭᠡᠭᠡᠨ ᠰᠢᠨᠵᠢᠯᠡᠵᠠᠢ︾᠃      ᠨᠠᠶᠢᠷ ᠤᠨ ᠲᠤᠯᠤᠭᠠᠢ ᠭᠠᠴᠠᠭᠠᠨ ᠤ ᠡᠷᠲᠡᠨ ᠤ ᠪᠠᠭᠤᠷᠢ ᠶᠢ 1986 ᠤᠨ ᠳᠤ ᠪᠦᠬᠦ ᠤᠯᠤᠰ ᠤᠨ ᠬᠤᠶᠠᠳᠤᠭᠠᠷ ᠤᠳᠠᠭᠠᠨ ᠤ ᠲᠡᠤᠬᠡᠨ ᠳᠤᠷᠠᠰᠬᠠᠯᠲᠦ ᠵᠦᠢᠯᠡᠰ ᠤᠨ ᠨᠡᠶᠢᠲᠡᠮ ᠪᠠᠶᠢᠴᠠᠭᠠᠯᠲᠠ ᠪᠠᠷ ᠢᠯᠡᠷᠡᠬᠦᠯᠵᠤ᠂ ᠳᠤᠬᠠᠢ ᠶᠢᠨ ᠦᠶ᠎ᠡ ᠳᠤ ᠡᠮᠦᠨ᠎ᠡ ᠬᠡᠰᠡᠭ ᠤᠨ ᠰᠢᠶᠠᠨᠪᠢ ᠶᠢᠨ ᠤᠩᠭᠤᠨ ᠪᠤᠯᠠᠰᠢᠨ ᠤ ᠰᠦᠷᠦᠭᠵᠢᠯ ᠢ ᠢᠯᠡᠷᠡᠬᠦᠯᠦᠨ᠂ 2019 ᠤᠨ ᠳᠤ ᠪᠠᠶᠢᠴᠠᠭᠠᠯᠲᠠ ᠪᠠᠷ ᠳᠠᠮᠵᠢᠨ ᠪᠤᠯᠠᠰᠢᠨ ᠤ ᠰᠦᠷᠦᠭᠵᠢᠯ ᠠᠴᠠ ᠬᠤᠶᠢᠨ᠎ᠠ ᠵᠦᠭ ᠳᠠᠬᠢ ᠤᠶᠢᠷᠠᠯᠴᠠᠭ᠎ᠠ ᠭᠠᠵᠠᠷ ᠠᠴᠠ ᠶᠡᠭᠡ ᠬᠡᠪᠴᠢᠶᠡᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠪᠦᠯᠦᠭᠯᠡᠨ ᠰᠠᠭᠤᠷᠢᠰᠢᠵᠤ ᠪᠠᠶᠢᠭᠰᠠᠨ ᠪᠠᠭᠤᠷᠢ ᠶᠢ ᠢᠯᠡᠷᠡᠬᠦᠯᠵᠠᠢ᠃      ᠲᠤᠰ ᠤᠳᠠᠭᠠᠨ ᠤ ᠬᠠᠶᠢᠨ ᠰᠢᠨᠵᠢᠯᠡᠯᠲᠡ ᠪᠠᠷ ᠰᠢᠨ᠎ᠡ ᠴᠢᠯᠠᠭᠤᠨ ᠵᠡᠪᠰᠡᠭ ᠤᠨ ᠡᠷᠲᠡ ᠦᠶ᠎ᠡ ᠶᠢᠨ 270 ᠭᠠᠷᠤᠢ ᠭᠡᠷ ᠤᠨ ᠪᠠᠭᠤᠷᠢ᠂ ᠰᠢᠶᠠᠨᠪᠢ ᠶᠢᠨ ᠡᠷᠲᠡ ᠦᠶ᠎ᠡ ᠶᠢᠨ ᠪᠤᠯᠠᠰᠢ ᠶᠢ ᠢᠯᠡᠷᠡᠬᠦᠯᠵᠤ᠂ ᠭᠡᠷ ᠤᠨ ᠪᠠᠭᠤᠷᠢ ᠪᠤᠯᠤᠨ ᠪᠤᠯᠠᠰᠢᠨ ᠰᠦᠷᠦᠭᠵᠢᠯ ᠠᠴᠠ ᠠᠮᠢᠲᠠᠨ ᠤ ᠠᠷᠤᠭ ᠶᠠᠰᠤ᠂ ᠸᠠᠭᠠᠷ ᠰᠠᠪᠠ᠂ ᠶᠠᠰᠤᠨ ᠬᠡᠷᠡᠭᠰᠡᠯ ᠪᠤᠯᠤᠨ ᠴᠢᠯᠠᠭᠤᠨ ᠵᠡᠪᠰᠡᠭ ᠤᠯᠳᠠᠵᠤ᠂ ᠭᠡᠷ ᠤᠨ ᠬᠤᠶᠠᠷ ᠳᠠᠪᠬᠤᠷ ᠶᠠᠨᠳᠠᠷ᠂ ᠪᠠᠭᠠᠨ᠎ᠠ ᠶᠢᠨ ᠨᠦᠬᠡ᠂ ᠵᠤᠤᠬ᠎ᠠ ᠶᠢ ᠢᠯᠡᠷᠡᠬᠦᠯᠦᠭᠰᠡᠨ ᠪᠠᠶᠢᠨ᠎ᠠ᠃ ᠨᠠᠶᠢᠷ ᠤᠨ ᠲᠤᠯᠤᠭᠠᠢ ᠶᠢᠨ ᠪᠠᠭᠤᠷᠢ ᠪᠤᠯ ᠦᠪᠦᠷ ᠮᠤᠩᠭᠤᠯ ᠤᠨ ᠳᠤᠮᠳᠠ ᠪᠡᠶ᠎ᠡ ᠶᠢᠨ ᠭᠠᠵᠠᠷ ᠤᠷᠤᠨ ᠳᠤ ᠢᠯᠡᠷᠡᠬᠦᠯᠦᠭᠰᠡᠨ ᠬᠡᠪᠴᠢᠶ᠎ᠡ ᠪᠠᠷ ᠬᠠᠮᠤᠭ ᠤᠨ ᠶᠡᠭᠡ ᠴᠢᠯᠠᠭᠤᠨ ᠵᠡᠪᠰᠡᠭ ᠤᠨ ᠡᠷᠲᠡ ᠦᠶ᠎ᠡ ᠶᠢᠨ ᠬᠦᠮᠦᠨ ᠲᠦᠷᠦᠯᠬᠢᠲᠡᠨ ᠤ ᠤᠷᠤᠨ ᠰᠠᠭᠤᠴᠠ ᠶᠢᠨ ᠪᠠᠭᠤᠷᠢ ᠪᠤᠯᠤᠨ᠎ᠠ᠃ ᠲᠤᠰ ᠢᠯᠡᠷᠡᠬᠦᠯᠦᠯᠲᠡ ᠨᠢ ᠳᠤᠮᠳᠠᠳᠦ ᠤᠯᠤᠰ ᠤᠨ ᠤᠮᠠᠷᠠᠲᠦ ᠤᠷᠤᠨ ᠤ ᠲᠠᠯ᠎ᠠ ᠨᠤᠲᠤᠭ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠡᠷᠲᠡᠨ ᠤ ᠬᠠᠭᠤᠴᠢ ᠰᠤᠳᠤᠯᠤᠯ ᠤᠨ ᠰᠤᠶᠤᠯ ᠢ ᠤᠯᠠᠮ ᠨᠢᠭᠡ ᠠᠯᠬᠤᠮ ᠢᠯᠡᠷᠡᠬᠦᠯᠬᠦ ᠪᠠ ᠵᠡᠬᠦᠨ ᠬᠤᠶᠢᠲᠦ ᠠᠽᠢᠶ᠎ᠠ ᠶᠢᠨ ᠡᠷᠲᠡ ᠦᠶ᠎ᠡ  ᠶᠢᠨ ᠰᠤᠶᠤᠯ ᠤᠨ ᠲᠦᠷᠦᠯ ᠬᠡᠯᠪᠡᠷᠢ᠂ ᠳᠤᠮᠳᠠᠲᠦ ᠤᠯᠤᠰ ᠤᠨ ᠤᠮᠠᠷᠠᠲᠦ ᠤᠷᠤᠨ ᠤ ᠪᠠᠯᠠᠷ ᠡᠷᠲᠡᠨ ᠤ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ ᠪᠠᠶᠢᠳᠠᠯ ᠢ ᠰᠤᠳᠤᠯᠬᠤ ᠳᠤ ᠨᠡᠩ ᠤᠯᠠᠨ ᠰᠦᠪᠡᠭᠴᠢ ᠬᠠᠩᠭᠠᠭᠰᠠᠨ ᠪᠠᠶᠢᠨ᠎ᠠ᠃      ︽ᠮᠠᠨ ᠤ ᠤᠮᠠᠷᠠᠲᠦ ᠶᠢᠨ ᠲᠠᠯ᠎ᠠ ᠨᠤᠲᠤᠭ᠂ ᠴᠢᠨᠠᠭᠰᠢᠯᠠᠪᠠᠯ ᠮᠤᠩᠭᠤᠯ ᠤᠨ ᠦᠨᠳᠦᠷᠯᠢᠭ ᠲᠤ ᠡᠶᠢᠮᠦᠷᠬᠦ ᠦᠯᠡᠳᠡᠭᠳᠡᠯ ᠮᠠᠰᠢ ᠬᠤᠪᠤᠷ ᠳᠤᠬᠢᠶᠠᠯᠳᠤᠳᠠᠭ᠂ ᠡᠨᠡ ᠨᠢ ᠮᠠᠰᠢ ᠴᠢᠬᠤᠯᠠ ᠦᠢᠯᠡᠳᠦᠯ ᠲᠠᠢ ᠪᠠᠶᠢᠵᠤ᠂ ᠪᠢᠳᠡᠨ ᠤ ᠡᠷᠲᠡ ᠦᠶ᠎ᠡ ᠶᠢᠨ ᠲᠠᠯ᠎ᠠ ᠨᠤᠲᠤᠭ ᠤᠨ ᠰᠤᠶᠤᠯ᠂ ᠲᠠᠯ᠎ᠠ ᠨᠤᠲᠤᠭ ᠤᠨ ᠪᠤᠯᠪᠠᠰᠤᠨ᠂ ᠠᠮᠢ ᠠᠬᠤᠢ ᠤᠷᠴᠢᠨ ᠲᠤᠭᠤᠷᠢᠨ ᠵᠢᠴᠢ ᠬᠠᠮᠢᠶ᠎ᠠ ᠪᠦᠬᠦᠢ ᠠᠮᠢᠳᠦ ᠪᠤᠳᠠᠰ ᠤᠨ ᠬᠦᠭᠵᠢᠯᠲᠡ ᠶᠢᠨ ᠶᠠᠪᠤᠴᠠ ᠶᠢ ᠰᠤᠳᠤᠯᠬᠤ ᠳᠤ ᠮᠠᠰᠢ ᠴᠢᠬᠤᠯᠠ ᠪᠤᠳᠠᠳᠦ ᠮᠠᠲ᠋ᠧᠷᠢᠶᠠᠯ ᠬᠠᠩᠭᠠᠬᠤ ᠪᠤᠯᠤᠨ᠎ᠠ︾᠃ ᠤᠳᠤᠬᠠᠨ ᠳᠤ ᠡᠨᠡᠬᠦ ᠠᠵᠢᠯ ᠨᠢ ᠰᠢᠪᠳᠤᠷᠭᠠᠨ ᠤ ᠦᠶ᠎ᠡ  ᠳᠡᠭᠡᠨ ᠤᠷᠤᠵᠤ᠂ ᠳᠠᠷᠠᠭ᠎ᠠ ᠠᠯᠬᠤᠮ ᠳᠤ ᠳᠤᠰᠬᠠᠢ ᠮᠡᠷᠭᠡᠵᠢᠯᠲᠡᠨ ᠠᠴᠠ ᠢᠯᠡᠷᠡᠬᠦᠯᠦᠭᠰᠡᠨ ᠬᠠᠭᠤᠴᠢ ᠪᠤᠳᠠᠰ ᠲᠤ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠵᠠᠳᠠᠯᠤᠯᠲᠠ ᠬᠢᠬᠦ ᠪᠠᠷ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号