ᠣᠩᠭᠤᠨ ᠠᠭᠤᠯᠠ ᠰᠤᠮᠤ ᠨᠢ ᠮᠠᠯᠴᠢᠳ ᠤᠨ ᠤᠷᠠᠨ ᠰᠠᠶᠢᠬᠠᠨ ᠤ ᠲᠤᠭᠯᠠᠯᠲᠠ ᠶᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/9/23
    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠬᠦᠨᠵᠡᠭᠡᠢ ᠲᠤᠤᠱᠠᠯᠠᠭᠤᠯᠤᠨ ᠨᠠᠶᠢᠳᠠᠪᠦᠷᠢᠵᠢᠭᠤᠯᠵᠤ᠂ ᠦᠨᠳᠦᠰᠦᠨ ᠱᠠᠳᠤᠨ ᠤ ᠣᠯᠠᠨ ᠲᠥᠮᠡᠨ ᠤ ᠨᠠᠮ ᠢᠶᠠᠨ ᠬᠠᠶᠢᠷᠠᠯᠠᠬᠤ ᠤᠯᠤᠰ‌‍ᠢᠶ᠋ᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠦᠭᠵᠢᠬᠡᠵᠦ᠂ ᠦᠨᠳᠦᠰᠦᠨ ᠱᠠᠳᠤᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠵᠣᠷᠢᠯᠭ᠎ᠠ ᠠᠴᠠ ᠮᠠᠨ ᠤᠨ ᠰᠤᠮᠤ ᠨᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠵᠢᠯᠤᠭᠤᠳᠤᠯᠭ᠎ᠠ ᠲᠤᠤᠷ᠎ᠠ᠂ ᠬᠦᠪᠡᠭᠡᠲᠦ ᠰᠢᠷ᠎ᠠ ᠬᠤᠰᠢᠭᠤᠨ ᠤ ᠨᠠᠰᠤᠳᠠᠶᠢᠴᠤᠳ ᠤᠨ ᠤᠷᠠᠯᠢᠭ ᠤᠨ ᠪᠦᠯᠬᠦᠮ ᠲᠠᠢ ᠬᠠᠮᠳᠤᠷᠠᠨ᠂ ᠣᠩᠭᠤᠨ ᠠᠭᠤᠯᠠ ᠰᠤᠮᠤᠨ ᠤ ᠮᠠᠯᠴᠢᠳ ᠤᠨ ᠤᠷᠠᠨ ᠰᠠᠶᠢᠬᠠᠨ ᠤ ᠲᠤᠭᠯᠠᠯᠲᠠ ᠶᠢ ᠡᠷᠬᠢᠯᠡᠨ ᠶᠠᠪᠤᠭᠳᠠᠭᠤᠯᠵᠠᠢ᠃     ᠲᠤᠭᠯᠠᠯᠲᠠ ᠨᠢ ᠤᠷᠲᠤ ᠶᠢᠨ ᠲᠠᠭᠤᠤ᠂ ᠬᠦᠭᠵᠢᠮ᠂ ᠪᠦᠵᠢᠭ ᠵᠡᠷᠭᠡ ᠣᠯᠠᠨ ᠲᠦᠷᠦᠯ ᠪᠠᠶᠢᠵᠤ᠂ ᠲᠣᠭᠯᠠᠭᠴᠢᠳ ᠮᠠᠨᠢ ᠭᠤᠴᠤ ᠰᠠᠶᠢᠬᠠᠨ ᠲᠤᠭᠯᠠᠯᠲᠠ ᠪᠠᠷ ᠢᠶᠠᠨ ᠦᠵᠡᠭᠴᠢᠳ ᠤᠨ ᠨᠢᠵᠢᠬᠢᠨᠡᠭᠰᠡᠨ ᠬᠠᠯᠠᠭᠤᠨ ᠠᠯᠠᠭ᠎ᠠ ᠲᠠᠰᠢᠯᠲᠠ ᠶᠢ ᠲᠤᠰᠴᠤ ᠪᠠᠶᠢᠯ᠃     ᠮᠠᠨ ᠤ ᠰᠤᠮᠤ ᠨᠢ ᠬᠤᠶᠢᠰᠢᠳᠠ ᠠᠭᠤᠯᠭ᠎ᠠ ᠡᠯᠪᠡᠭ ᠪᠠᠶᠠᠯᠢᠭ᠂ ᠬᠡᠯᠪᠡᠷᠢ ᠣᠯᠠᠨ ᠶᠠᠩᠵᠤ᠂ ᠣᠯᠠᠨ ᠲᠥᠮᠡᠨ ᠢᠳᠡᠪᠬᠢᠳᠡᠢ ᠤᠷᠤᠯᠴᠠᠭᠰᠠᠨ ᠰᠤᠶᠤᠯ ᠤᠷᠠᠯᠢᠭ ᠤᠨ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠵᠤ ᠥᠷᠨᠢᠬᠦᠯᠦᠨ᠂ ᠣᠯᠠᠨ ᠲᠥᠮᠡᠨ ᠤ ᠤᠳᠬ᠎ᠠ ᠤᠷᠠᠯᠢᠭ ᠤᠨ ᠬᠢᠯᠪᠠᠭ᠎ᠠ ᠶᠢ ᠢᠯᠡᠷᠡᠬᠦᠯᠦᠨ᠂ ᠦᠷᠭᠡᠨ ᠣᠯᠠᠨ ᠮᠠᠯᠴᠢᠨ ᠲᠥᠮᠡᠨ ᠤ ᠢᠶᠠᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号