ᠬᠦᠪᠡᠭᠡᠲᠦ ᠰᠢᠷ᠎ᠠ ᠬᠤᠰᠢᠭᠤ ᠨᠢ ᠰᠤᠷᠭᠠᠭᠤᠯᠢ ᠶᠢᠨ ᠬᠤᠭᠤᠯᠠᠨ ᠭᠡᠷ ᠵᠢᠴᠢ ᠰᠤᠷᠭᠠᠭᠤᠯᠢ ᠶᠢᠨ ᠣᠶᠢᠷᠠᠯᠴᠠᠭᠠᠬᠢ ᠬᠤᠭᠤᠯᠠ ᠤᠮᠳᠠᠨ ᠤ ᠦᠢᠯᠡᠴᠢᠯᠡᠭᠡᠨ ᠤ ᠨᠢᠭᠡᠴᠡ ᠳᠤ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020/9/23
       ᠡᠯ᠎ᠡ ᠰᠤᠷᠭᠠᠭᠤᠯᠢ ᠪᠠ ᠰᠤᠷᠭᠠᠭᠤᠯᠢ ᠶᠢᠨ ᠣᠶᠢᠷᠠᠯᠴᠠᠭᠠᠬᠢ ᠢᠳᠡᠭᠡᠨ ᠣᠮᠳᠠᠭᠠᠨ ᠤ ᠠᠮᠤᠷ ᠲᠥᠪᠰᠢᠨ ᠤ ᠣᠷᠴᠢᠨ ᠲᠤᠭᠤᠷᠢᠨ ᠢ ᠰᠠᠶᠢᠵᠢᠷᠠᠭᠤᠯᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠥᠪᠰᠢᠨ ᠢ ᠦᠨᠡᠨᠬᠦ ᠪᠠᠳᠤᠯᠠᠬᠤ ᠶᠢᠨ ᠲᠤᠰᠠᠳᠠ᠂ ᠬᠤᠰᠢᠭᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ ᠵᠡᠷᠭᠡ ᠪᠠᠶᠢᠭᠤᠯᠭ᠎ᠠ ᠨᠢᠭᠡᠴᠡ ᠨᠢ ᠬᠤᠯᠪᠤᠭᠠᠯᠠᠨ᠂ ᠬᠠᠷᠢᠶ᠎ᠠ ᠲᠤᠭᠤᠷᠢᠭ ᠤᠨ ᠲᠤᠳᠤᠷᠠᠬᠢ ᠰᠤᠷᠭᠠᠭᠤᠯᠢ ᠶᠢᠨ ᠬᠤᠭᠤᠯᠠᠨ ᠭᠡᠷ ᠵᠢᠴᠢ ᠰᠤᠷᠭᠠᠭᠤᠯᠢ ᠶᠢᠨ ᠣᠶᠢᠷᠠᠯᠴᠠᠭᠠᠬᠢ ᠬᠤᠭᠤᠯᠠ ᠤᠮᠳᠠᠨ ᠤ ᠦᠢᠯᠡᠴᠢᠯᠡᠭᠡᠨ ᠤ ᠨᠢᠭᠡᠴᠡ ᠳᠤ ᠢᠳᠡᠭᠡᠨ ᠤ ᠠᠮᠤᠷ ᠲᠥᠪᠰᠢᠨ ᠤ ᠲᠤᠰᠬᠠᠢ ᠪᠠᠶᠢᠴᠠᠭᠠᠯᠲᠠ ᠬᠢᠭᠰᠡᠨ ᠪᠠᠶᠢᠨ᠎ᠠ᠃       ᠪᠠᠶᠢᠴᠠᠭᠠᠬᠤ ᠲᠤᠭᠤᠶᠢᠯᠠᠩ ᠨᠢ ᠤᠷᠢᠳ ᠬᠤᠵᠢᠳ ᠬᠤᠰᠢᠭᠤ ᠶᠡᠷᠦᠩᠬᠡᠶᠢᠯᠡᠭᠰᠡᠨ ᠦᠨᠳᠦᠷ ᠲᠤᠮᠳᠠᠳᠤ ᠰᠤᠷᠭᠠᠭᠤᠯᠢ᠂ ᠮᠤᠩᠭᠤᠯ ᠲᠤᠮᠳᠠᠳᠤ ᠰᠤᠷᠭᠠᠭᠤᠯᠢ᠂ ᠨᠠᠬᠢᠶ᠎ᠠ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢᠨ ᠬᠤᠭᠤᠯᠠᠨ ᠭᠡᠷ ᠵᠢᠴᠢ ᠣᠶᠢᠷᠠᠯᠴᠠᠭᠠᠬᠢ ᠬᠤᠭᠤᠯᠠ ᠤᠮᠳᠠᠨ ᠤ ᠦᠢᠯᠡᠴᠢᠯᠡᠭᠡᠨ ᠤ ᠨᠢᠭᠡᠴᠡ᠂ ᠢᠳᠡᠭᠡᠨ ᠣᠮᠳᠠᠭᠠᠨ ᠡᠵᠡᠩᠨᠡᠨ ᠪᠤᠷᠤᠯᠠᠭᠤᠯᠵᠤ ᠪᠠᠶᠢᠭ᠎ᠠ ᠲᠡᠯᠭᠡᠬᠦᠷ ᠲᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠡᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号