ᠣᠨᠴᠠᠭᠠᠶ ᠠᠮᠠᠷᠠᠯᠲᠠ ᠶᠢᠨ ᠬᠤᠭᠤᠴᠠᠭᠠᠨ ᠳᠤ᠂ ᠬᠡᠷ ᠪᠦᠯᠢ ᠶᠢᠨ ᠬᠥᠮᠦᠵᠢᠯ ᠢ ᠨᠡᠩ ᠢᠯᠡᠬᠦᠦ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2020/9/24
     ᠡᠩ ᠲᠡᠷᠢᠭᠦᠨ ᠳᠤ᠂ ᠡᠴᠢᠭᠡ ᠡᠬᠡ ᠪᠣᠯᠤᠭᠰᠠᠳ ᠦᠯᠢᠭᠡᠷ ᠳᠠᠭᠤᠷᠢᠶᠠᠯ ᠪᠣᠯᠬᠤ ᠪᠣᠯ ᠬᠠᠮᠤᠭ ᠤᠨ  ᠰᠠᠶᠢᠨ ᠬᠥᠮᠦᠵᠢᠯ ᠮᠥᠨ᠃ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠨᠢ ᠬᠡᠯᠡᠵᠦ ᠰᠤᠷᠭᠠᠬᠤ ᠠᠴᠠ ᠢᠯᠡᠭᠦᠦ ᠲᠤᠰᠠᠳᠠᠢ ᠪᠠᠶᠢᠳᠠᠭ᠂ ᠦᠯᠢᠭᠡᠷ ᠳᠠᠭᠤᠷᠢᠶᠠᠯ ᠤᠨ ᠬᠥᠮᠦᠵᠢᠯ ᠪᠣᠯ ᠠᠬᠤᠶᠢᠴᠢ ᠰᠡᠳᠬᠢᠯᠭᠡ ᠲᠠᠢ ᠦᠷᠳᠡᠭ ᠤᠨ ᠦᠵᠡᠯᠲᠡ ᠶᠢᠨ ᠵᠢᠯᠤᠭᠤᠳᠤᠯᠭ᠎ᠠ ᠮᠥᠨ᠃ ᠬᠢᠵᠢᠭ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠮᠠᠰᠢ ᠣᠯᠠᠨ ᠡᠴᠢᠭᠡ ᠡᠭᠡ ᠨᠠᠷ ᠬᠡᠤᠬᠡᠳ ᠤᠳ ᠲᠤ ᠬᠠᠮᠤᠭ ᠰᠠᠶᠢᠨ ᠳᠠᠭᠤᠷᠢᠶᠠᠯ ᠦᠵᠡᠭᠦᠯᠦᠭᠰᠡᠨ ᠶᠤᠮ᠃ ᠣᠯᠠᠩᠬᠢ ᠡᠴᠢᠭᠡ ᠡᠭᠡ ᠨᠡᠷ ᠡᠮᠦᠨ᠎ᠡ ᠹᠷᠣᠨᠲ ᠲᠤ ᠣᠴᠢᠬᠤ ᠲᠣᠬᠢᠶᠠᠯ ᠦᠭᠡᠢ ᠪᠠᠶᠢᠯ᠎ᠠ ᠴᠦ ᠭᠡᠰᠡᠨ ᠲᠡᠳᠡ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ ᠪᠠᠶᠢᠬᠤ ᠪᠤᠶᠤ ᠭᠡᠷ ᠲᠡᠭᠡᠨ ᠰᠠᠭᠤᠵᠤ ᠪᠠᠶᠢᠬᠤ ᠬᠤᠭᠤᠴᠠᠭᠠᠨ ᠳᠠᠭᠠᠨ ᠵᠠᠰᠠᠭ ᠤᠨ ᠣᠷᠳᠣᠨ ᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ ᠪᠠᠶᠢᠨ᠎ᠠ᠂ ᠡᠨᠡ ᠨᠢ ᠴᠥᠮ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠭᠦᠯᠵᠦ ᠪᠠᠶᠢᠭ᠎ᠠ ᠪᠠ ᠬᠡᠦᠬᠡᠳ ᠤᠨ ᠨᠢᠯᠬ᠎ᠠ ᠪᠠᠯᠴᠢᠷ ᠰᠡᠳᠬᠢᠯ ᠳᠤ ᠦᠯᠢᠭᠡᠷ ᠲᠠᠭᠤᠷᠢᠶᠡᠯ ᠤᠨ ᠦᠷ᠎ᠡ ᠲᠠᠷᠢᠵᠦ ᠪᠠᠶᠢᠭ᠎ᠠ‌‍ᠶᠠᠪᠤᠳᠠᠯ ᠪᠤᠯᠤᠨ᠎ᠠ᠃ ᠡᠭᠦᠨ ᠤ ᠬᠠᠮᠲᠤ᠂ ᠬᠡᠦᠬᠡᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠭᠠᠨ ᠬᠥᠮᠦᠵᠢᠬᠦᠯᠬᠦ ᠶᠢ ᠬᠦᠨᠳᠦᠳᠭᠡᠨ ᠦᠵᠡᠬᠦ ᠬᠡᠷᠡᠭᠲᠡᠢ᠃ ᠦᠢᠯᠡ ᠠᠵᠢᠯᠯᠠᠭᠠᠨ ᠤ ᠳᠠᠳᠬᠠᠯ ᠨᠢ ᠬᠥᠮᠦᠨ ᠤ ᠦᠰᠦᠨ  ᠪᠤᠶᠢᠵᠢᠯᠲᠠ ᠳᠤ  ᠲᠦᠢᠯ ‍ᠤᠨ‌‍ᠴᠢᠬᠤᠯᠠ ᠶᠤᠮ᠂ ᠬᠢᠵᠢᠭ ᠢ ᠰᠡᠷᠭᠡᠶᠢᠯᠡᠨ ᠡᠵᠡᠮᠳᠡᠬᠦ ᠶᠠᠪᠤᠳᠠᠯ ᠨᠢ ᠰᠠᠶᠢᠨ ᠰᠠᠶᠢᠬᠠᠨ ᠳᠠᠳᠬᠠᠯ ᠢ ᠪᠤᠢ  ᠪᠤᠯᠭᠠᠬᠤ ᠳᠤ ᠲᠦᠢᠯ ᠤᠨ ᠰᠠᠶᠢᠨ ᠨᠥᠬᠦᠴᠡᠯ ᠢ ᠪᠦᠷᠢᠯᠳᠦᠭᠦᠯᠦᠨ ᠥᠭᠴᠡᠶ᠃ ᠡᠭᠦᠨ ᠠᠴᠠ ᠭᠠᠳᠠᠨ᠎ᠠ᠂ ᠬᠡᠦᠬᠡᠳ ᠢ ᠬᠦᠳᠦᠯᠦᠨ ᠵᠢᠯᠤᠭᠤᠳᠴᠦ ᠨᠡᠶᠢᠭᠡᠮ ᠳᠤ ᠠᠩᠬᠠᠷᠤᠯ ᠲᠠᠯᠪᠢᠭᠤᠯᠬᠤ ᠬᠡᠷᠡᠭᠲᠡᠢ᠃ᠬᠢᠵᠢᠭ ᠲᠠᠢ ᠲᠡᠮᠡᠴᠡᠬᠦ ᠶᠠᠪᠤᠴᠠ ᠪᠣᠯ ᠤᠯᠤᠰ ᠢᠶᠠᠨ ᠬᠠᠶᠢᠷᠠᠯᠠᠬᠤ᠂ ᠬᠦᠰᠡᠯ ᠡᠷᠡᠮᠡᠯᠵᠡᠯ᠂ ᠬᠠᠷᠢᠭᠤᠴᠠᠯᠭ᠎ᠠ ᠵᠡᠷᠭᠡ ᠬᠡᠶᠢᠰᠪᠦᠷᠢ ᠤᠬᠠᠭᠳᠠᠬᠤᠨ ᠢ ᠪᠣᠳᠠᠲᠠᠶ ᠪᠣᠯᠭᠠᠬᠤ ᠶᠠᠪᠤᠴᠠ ᠪᠣᠯᠤᠨ᠎ᠠ᠃ ᠵᠥᠪ ᠴᠢᠭᠯᠡᠯᠳᠦ ᠳᠡᠮᠵᠢᠯᠭᠡ ᠪᠠ ᠵᠢᠯᠣᠭᠤᠳᠤᠯᠭ᠎ᠠ ᠬᠢᠵᠦ᠂ ᠬᠡᠤᠬᠡᠳ ᠤᠨ ᠠᠵᠢᠭᠯᠠᠬᠤ᠂ ᠰᠡᠳᠬᠢᠬᠦ᠂ ᠪᠡᠶ᠎ᠡ ᠪᠠᠷ ᠢᠶᠠᠨ ᠤᠶᠢᠯᠠᠭᠠᠬᠤ ᠶᠢ ᠵᠣᠷᠢᠭᠵᠢᠭᠤᠯᠪᠠᠯ᠂ ᠬᠢᠴᠢᠶᠡᠯ ᠤᠨ ᠲᠠᠩᠬᠢᠮ ᠪᠠ ᠨᠣᠮ ᠪᠢᠴᠢᠭ ᠠᠴᠠ ᠰᠤᠷᠤᠬᠰᠠᠨ ᠠᠴᠠ ᠬᠤᠯᠠ ᠰᠠᠶᠢᠨ ᠦᠷ᠎ᠡ ᠪᠦᠲᠦᠮᠵᠢ ᠶᠢ ᠤᠯᠬᠤ ᠶᠤᠮ᠃ ᠪᠠᠰᠠ ᠬᠡᠦᠬᠡᠳ ᠢ ᠬᠦᠳᠦᠯᠦᠨ ᠵᠢᠯᠤᠭᠤᠳᠴᠦ ᠰᠦᠪᠡᠭᠴᠢᠯᠡᠨ ᠰᠤᠳᠤᠯᠬᠤ ᠮᠠᠶ᠋ᠢᠭ ᠢᠶᠠᠷ ᠰᠤᠷᠤᠯᠴᠠᠭᠤᠯᠬᠤ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠮᠦᠵᠢᠯ ᠬᠢᠬᠦ ᠶᠢ ᠰᠠᠨᠠᠭᠠᠴᠢᠯᠠᠭ᠎ᠠ ᠦᠭᠡᠢ ᠪᠠᠶᠢᠬᠰᠠᠨ ᠠᠴᠠ ᠨᠢ‌‍ᠰᠠᠨᠠᠭᠠᠴᠢᠯᠠᠭ᠎ᠠ ᠲᠠᠢ ᠪᠤᠯᠭᠠᠨ ᠬᠤᠪᠢᠷᠠᠭᠤᠯᠵᠤ᠂ ᠬᠡᠦᠬᠡᠳ ᠲᠤ ᠰᠠᠶᠢᠨ ᠰᠠᠶᠢᠬᠠᠨ ᠰᠤᠷᠤᠯᠴᠠᠬᠤ ᠠᠷᠭ᠎ᠠ᠂  ᠵᠢᠱᠢᠶᠡᠯᠡᠪᠡᠯ ᠰᠦᠪᠡᠭᠴᠢᠯᠡᠨ ᠰᠤᠳᠤᠯᠬᠤ ᠮᠠᠶ᠋ᠢᠭ ᠤᠨ ᠰᠤᠷᠤᠯᠴᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号