ᠨᠠᠮᠤᠷ ᠡᠪᠦᠯ᠂ ᠲᠠᠭᠰᠢᠭᠤᠷ ᠤᠨ ᠸᠠᠺᠼᠢᠨ ᠢ ᠶᠠᠭᠠᠬᠢᠵᠤ ᠲᠠᠷᠢᠪᠡᠯ ᠵᠣᠬᠢᠬᠤ  ᠪᠤᠢ
ᠨᠡᠶᠢᠲᠡᠯᠡᠭᠰᠡᠨ ᠴᠠᠭ᠄
2020/9/24
     ᠲᠦᠷᠦᠭᠦᠬᠡᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ  ︽ᠳᠤᠮᠳᠠᠳᠤ‌ᠤᠯᠤᠰ ᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠰᠡᠷᠭᠡᠶᠢᠯᠡᠬᠦ ᠲᠠᠷᠢᠯᠭ᠎ᠠ ᠶᠢᠨ ᠮᠡᠷᠭᠡᠵᠢᠯ ᠤᠨ ᠵᠦᠭᠯᠡᠭᠦᠷ ︵2020 —2021︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ  ᠨᠡᠶᠢᠲᠡᠯᠡᠵᠦ᠂ 2020 — 2021 ᠣᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ ᠰᠠᠨᠠᠭᠤᠯᠭ᠎ᠠ ᠶᠢ ᠳᠤᠷᠠᠳᠪᠠ᠃ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠰᠢᠨ᠎ᠡ ᠲᠢᠳᠢᠮᠯᠢᠭ ᠸᠠᠺᠼᠢᠨ ᠨᠢ ᠠᠮᠤᠷ ᠲᠦᠪᠰᠢᠨ ᠤ ᠰᠢᠯᠭᠠᠨ ᠪᠠᠳᠣᠯᠠᠯᠳᠠ ᠪᠠᠷ ᠳᠡᠮᠵᠢᠨ ᠵᠢᠩᠬᠢᠨᠢ ᠪᠠᠷ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ᠂ ᠣᠯᠠᠨ ᠨᠡᠶᠢᠲᠡ ᠪᠠᠷ ᠢᠶᠠᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠵᠤ ᠪᠣᠯᠤᠨ᠎ᠠ᠃ ︽ᠵᠦᠭᠯᠡᠭᠦᠷ︾ ᠲᠤ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠬᠤ ᠪᠣᠯ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠪᠦᠲᠦᠮᠵᠢᠲᠡᠶ ᠠᠷᠭ᠎ᠠ ᠪᠠᠷᠢᠯ ᠮᠥᠨ᠂ ᠬᠠᠯᠳᠠᠪᠤᠷᠢᠲᠤ ᠲᠠᠭᠰᠢᠭᠤᠷ ᠲᠤ ᠬᠤᠯᠪᠣᠭᠳᠠᠬᠤ ᠡᠪᠡᠳᠴᠢᠨ ᠡᠮᠭᠡᠭ ᠠᠴᠠ ᠪᠣᠯᠤᠭᠰᠠᠨ ᠬᠤᠤᠷ ᠬᠥᠨᠥᠭᠡᠯ ᠵᠢᠴᠢ ᠡᠮᠴᠢᠯᠡᠭᠡᠨ ᠤ ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠪᠠᠭᠠᠰᠬᠠᠵᠤ ᠪᠣᠯᠤᠨ᠎ᠠ᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠡᠷᠢᠬᠦᠨ ᠲᠤᠰᠬᠠᠶ ᠮᠡᠷᠭᠡᠵᠢᠯᠲᠡᠨ ᠡᠤ ᠬᠦᠶ ᠵᠧᠨ ᠢᠯᠡᠷᠬᠡᠶᠢᠯᠡᠬᠦ ᠳᠡᠭᠡᠨ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠨᠢ ᠰᠢᠨ᠎ᠡ ᠲᠢᠳᠢᠮᠯᠢᠭ ᠤᠨ ᠸᠠᠺᠼᠢᠨ ᠲᠠᠢ ᠬᠠᠷᠰᠢᠯᠳᠤᠬᠤ ᠥᠬᠡᠶ᠂ ᠬᠤᠶᠠᠭᠤᠯᠠ ᠶᠢ ᠬᠠᠮᠲᠤ ᠳᠤᠨᠢ ᠬᠡᠷᠡᠭᠯᠡᠵᠦ ᠪᠣᠯᠤᠨ᠎ᠠ᠃ ᠡᠦ ᠬᠦᠢ ᠵᠧᠨ ᠤ ᠦᠵᠡᠬᠦ ᠪᠠᠷ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠭᠰᠠᠨ ᠤ ᠳᠠᠷᠠᠭ᠎ᠠ ᠬᠡᠷᠪᠡ ᠲᠠᠬᠤᠯ ᠲᠠᠭᠰᠢᠭᠤᠷ ᠠᠴᠠ ᠵᠠᠶᠢᠯᠠᠪᠠᠯ᠂ ᠨᠡᠩ ᠠᠮᠠᠷᠬᠠᠨ ᠡᠷᠡᠭᠦᠯ ᠮᠡᠨᠳᠦ ᠪᠠᠨ ᠪᠠᠲᠤᠯᠠᠵᠤ᠂ ᠪᠠᠰᠠ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠬᠦ ᠬᠠᠯᠠᠭᠤᠷᠠᠯ ᠵᠡᠷᠭᠡ ᠡᠪᠡᠳᠴᠢᠨ ᠤ ᠢᠯᠡᠷᠡᠯ ᠠᠴᠠ ᠵᠠᠶᠢᠯᠠᠰᠬᠢᠵᠦ ᠪᠣᠯᠤᠨ᠎ᠠ᠃ ᠣᠳᠣᠬᠠᠨ ᠤ ᠪᠦᠬᠦ ᠪᠥᠮᠪᠥᠷᠴᠡᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠶᠡᠭᠡ ᠠᠬᠤᠶ ᠪᠠᠢᠳᠠᠯ ᠳᠣᠣᠷ᠎ᠠ᠂ ᠡᠨᠡ ᠨᠢ  ᠬᠤᠪᠢ ᠬᠥᠮᠦᠨ ᠳᠤ ᠠᠰᠢᠭᠲᠠᠢ ᠪᠠᠷ ᠪᠠᠷᠠᠬᠤ ᠦᠭᠡᠢ ᠡᠮᠴᠢᠯᠡᠭᠡᠨ ᠤ ᠪᠠᠶᠢᠭᠤᠯᠤᠮᠵᠢ ᠶᠢᠨ ᠳᠠᠷᠤᠭᠠᠰᠤ ᠶᠢ ᠴᠤ ᠪᠠᠭᠠᠰᠬᠠᠨ᠎ᠠ᠃ ︽ᠵᠦᠭᠯᠡᠭᠦᠷ︾ ᠲᠤ ᠰᠠᠨᠠᠭᠤᠯᠤᠭᠰᠠᠨ ᠢᠶᠠᠷ᠂ ᠬᠠᠯᠳᠠᠪᠤᠷᠢᠲᠤ ᠲᠠᠭᠰᠢᠭᠤᠷ ᠢ ᠤᠰᠠᠳᠬᠠᠬᠤ ᠸᠠᠺᠼᠢᠨ ᠨᠢ ᠪᠤᠰᠤᠳ ᠢᠳᠡᠪᠬᠢᠵᠢᠭᠦᠯᠬᠦ ᠸᠠᠺᠼᠢᠨ ᠵᠢᠴᠢ ᠬᠤᠤᠷ ᠢ ᠪᠠᠭᠠᠰᠬᠠᠬᠤ ᠠᠮᠢᠳᠤ ᠸᠠᠺᠼᠢᠨ᠂ ᠵᠢᠱᠢᠶᠡᠯᠡᠪᠡᠯ ᠠᠭᠤᠰᠬᠢᠨ ᠤ ᠦᠷᠪᠢᠰᠦᠯ ᠤᠨ ᠪᠠᠺᠲ᠋ᠧᠷᠢ ᠶᠢᠨ ᠸᠠᠺᠼᠢᠨ ᠵᠡᠷᠭᠡ ᠲᠠᠢ ᠬᠠᠮᠳᠣ ᠳᠤᠨᠢ  ᠪᠡᠶ᠎ᠡ ᠶᠢᠨ ᠠᠳᠠᠯᠢ ᠪᠤᠰᠤ ᠭᠠᠵᠠᠷ ᠲᠤ ᠳᠠᠷᠢᠵᠤ  ᠪᠣᠯᠤᠨ᠎ᠠ᠂ ᠭᠡᠪᠡᠴᠦ ᠬᠠᠯᠳᠠᠪᠤᠷᠢᠲᠤ ᠲᠠᠭᠰᠢᠭᠤᠷ ᠤᠨ ᠬᠤᠤᠷ ᠢ ᠪᠠᠭᠠᠰᠬᠠᠬᠤ ᠠᠮᠢᠳᠤ ᠸᠠᠺᠼᠢᠨ ᠳᠠᠷᠢᠭᠰᠠᠨ ᠤ ᠳᠠᠷᠠᠭ᠎ᠠ᠂ ᠡᠷᠬᠡᠪᠰᠢ 28 ᠡᠳᠦᠷ ᠠᠴᠠ ᠳᠡᠭᠡᠭᠰᠢ ᠠᠯᠤᠰᠯᠠᠪᠠᠯ ᠰᠠᠶ᠋ᠢ ᠪᠤᠰᠤᠳ ᠬᠤᠣᠷ ᠪᠠᠭᠤᠷᠠᠭᠤᠯᠬᠤ ᠠᠮᠢᠳᠤ ᠸᠠᠺᠼᠢᠨ ᠳᠠᠷᠢᠵᠤ ᠪᠣᠯᠤᠨ᠎ᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠬᠠᠯᠳᠠᠪᠤᠷᠢᠲᠤ ᠲᠠᠭᠰᠢᠭᠤᠷ ᠤᠨ ᠸᠠᠺᠼᠢᠨ ᠪᠠ ᠠᠭᠤᠰᠬᠢᠨ  ᠦᠷᠪᠢᠰᠦᠯ ᠤᠨ ᠪᠠᠺᠲ᠋ᠧᠷᠢ ᠶᠢᠨ ᠸᠠᠺᠼᠢᠨ ᠢ ᠬᠠᠮᠲᠤ ᠳᠤᠨᠢ ᠲᠠᠷᠢᠵᠤ ᠪᠣᠯᠤᠨ᠎ᠠ᠃ ︽ᠵᠦᠭᠯᠡᠭᠦᠷ︾ ᠲᠤ᠂ ᠪᠥᠬᠦ ᠬᠥᠮᠦᠰ ᠬᠠᠯᠳᠠᠪᠤᠷᠢᠲᠤ ᠲᠠᠭᠰᠢᠭᠤᠷ ᠲᠤ ᠨᠡᠶᠢᠳᠡᠮ ᠠᠮᠠᠷᠬᠠᠨ ᠬᠠᠯᠳᠠᠪᠤᠷᠢᠯᠠᠳᠠᠭ᠂ ᠬᠠᠷᠢᠨ‌ᠬᠠᠯᠳᠠᠪᠤᠷᠢᠲᠤ ᠲᠠᠭᠰᠢᠭᠤᠷ ᠤᠨ ᠸᠠᠺᠼᠢᠨ ᠪᠣᠯ ᠠᠮᠤᠷ ᠲᠦᠪᠰᠢᠨ᠂ ᠪᠦᠲᠦᠮᠵᠢᠲᠡᠶ ᠪᠠᠶᠢᠳᠠᠭ᠃ ᠰᠢᠨ᠎ᠡ ᠲᠢᠳᠢᠮᠯᠢᠭ  ᠠᠭᠤᠰᠬᠢᠨ ᠦᠷᠪᠢᠰᠦᠯ ᠤᠨ ᠬᠢᠵᠢᠭ ᠪᠦᠬᠦ ᠪᠥᠮᠪᠥᠷᠴᠡᠭ ᠲᠤ ᠳᠡᠯᠭᠡᠷᠡᠵᠦ ᠪᠠᠶᠢᠭ᠎ᠠ ᠠᠬᠤᠶ ᠪᠠᠢᠳᠠᠯ ᠲᠠᠢ ᠤᠶᠠᠯᠳᠤᠭᠤᠯᠤᠨ᠂  ︽ᠵᠦᠭᠯᠡᠭᠦᠷ︾ ᠲᠤ ᠡᠩ ᠲᠡᠷᠢᠭᠦᠨ ᠳᠤ ᠲᠡᠰ ᠳᠠᠷᠠᠭᠠᠯᠠᠯ ᠢᠶᠠᠷ ᠭᠤᠣᠯᠳᠠᠯᠭ᠎ᠠ ᠲᠠᠢ ᠪᠠ ᠠᠶᠤᠯ ᠲᠦᠭᠰᠢᠭᠦᠷᠢ ᠶᠡᠭᠡ ᠲᠠᠢ ᠬᠥᠮᠦᠰ ᠲᠤ  ᠲᠠᠷᠢᠯᠭ᠎ᠠ ᠬᠢᠨ᠎ᠡ ᠭᠡᠵᠦ ᠲᠠᠨᠢᠯᠴᠠᠭᠤᠯᠪᠠ᠄ ᠨᠢᠭᠡ ᠳᠤ ᠡᠮᠨᠡᠯᠭᠡ ᠶᠢᠨ ᠠᠵᠢᠯᠲᠠᠳ᠂ ᠡᠭᠦᠨ ᠳᠤ ᠡᠮᠴᠢᠯᠡᠭᠡᠨ ᠤ ᠠᠪᠤᠷᠠᠨ ᠵᠠᠰᠠᠬᠤ ᠠᠵᠢᠯᠳᠠᠨ᠂ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠳᠠᠨ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯᠳᠠᠨ︔ᠬᠤᠶᠠᠷ ᠲᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ ᠵᠡᠷᠭᠡ ᠬᠦᠮᠤᠨ ᠤᠯᠠᠨᠲᠠᠢ ᠭᠠᠵᠠᠷ ᠤᠨ ᠬᠢᠯᠪᠠᠷᠬᠠᠨ ᠬᠠᠯᠳᠠᠪᠤᠷᠢᠯᠠᠬᠤ ᠬᠦᠮᠤᠰ ᠵᠢᠴᠢ ᠠᠵᠢᠯᠲᠠᠨ‌ᠠᠵᠢᠯᠴᠢᠨ︔ ᠭᠤᠷᠪᠠ ᠳᠤ ᠭᠤᠤᠯᠳᠠᠯᠭ᠎ᠠ ᠲᠠᠢ ᠲᠠᠯᠠᠪᠤᠷ ᠤᠨ ᠬᠥᠮᠦᠰ᠂ ᠵᠢᠱᠢᠶᠡᠯᠡᠪᠡᠯ ᠬᠡᠦᠬᠡᠳ ᠰᠠᠭᠠᠲᠠᠭᠤᠯᠬᠤ ᠪᠠᠶᠢᠭᠤᠯᠤᠮᠵᠢ᠂ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠰᠣᠷᠣᠭᠴᠢ᠂ ᠬᠤᠷᠢᠭᠤᠯ ᠤᠨ ᠭᠠᠵᠠᠷ ᠤᠨ ᠬᠤᠷᠢᠭᠳᠠᠯ ᠵᠢᠴᠢ ᠠᠵᠢᠯᠲᠠᠨ‌ᠠᠵᠢᠯᠴᠢᠨ ᠵᠡᠷᠭᠡ︔ ᠳᠥᠷᠪᠡ ᠳᠤ ᠬᠠᠯᠳᠠᠪᠤᠷᠢᠲᠤ ᠲᠠᠭᠰᠢᠭᠤᠷ ᠤᠨ ᠲᠦᠭᠰᠢᠭᠦᠷᠢ ᠶᠡᠬᠡᠲᠡᠶ ᠪᠤᠰᠤᠳ ᠬᠥᠮᠦᠰ ᠲᠤ᠂ 60 ᠨᠠᠰᠤ‌ᠵᠢᠴᠢ ᠲᠡᠭᠦᠨ ᠠᠴᠠ ᠳᠡᠭᠡᠭᠰᠢᠬᠢ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ᠂ 6 ᠰᠠᠷ᠎ᠠ ᠠᠴᠠ 5 ᠨᠠᠰᠤᠨ ᠤ ᠬᠡᠤᠬᠡᠳ᠂ᠠᠷᠬᠠᠭ ᠡᠪᠡᠳᠴᠢᠲᠡᠨ᠂ 6 ᠰᠠᠷ᠎ᠠ ᠠᠴᠠ ᠳᠣᠷᠣᠭᠰᠢᠬᠢ ᠨᠢᠯᠬ᠎ᠠ ᠬᠡᠤᠬᠡᠳ ᠤᠨ ᠬᠡᠷ ᠪᠦᠯᠢ ᠶᠢᠨ ᠪᠦᠷᠢᠯᠳᠦᠭᠦᠨ ᠪᠠ ᠠᠰᠠᠷᠠᠭᠴᠢ ᠵᠢᠴᠢ ᠵᠢᠷᠮᠦᠰᠦᠨ ᠡᠮᠡᠭᠲᠡᠶ ᠪᠤᠶᠤ ᠬᠠᠯᠳᠠᠪᠤᠷᠢᠲᠤ ᠲᠠᠭᠰᠢᠭᠤᠷ ᠤᠨ ᠤᠯᠠᠷᠢᠯ ᠳᠤ ᠵᠢᠷᠮᠦᠰᠦᠯᠡᠬᠦ ᠭᠡᠵᠦ ᠪᠠᠶᠢᠭ᠎ᠠ ᠡᠮᠡᠭᠲᠡᠶ ᠵᠡᠷᠭᠡ ᠪᠠᠭᠲᠠᠨ᠎ᠠ᠃ 6 ᠰᠠᠷ᠎ᠠ ᠠᠴᠠ ᠶᠡᠭᠡ ᠮᠥᠷᠲᠡᠭᠡᠨ ᠴᠡᠭᠡᠷᠯᠡᠬᠦ ᠡᠪᠡᠳᠴᠢᠨ ᠦᠭᠡᠶ ᠬᠥᠮᠦᠰ ᠪᠦᠷ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠵᠤ ᠪᠣᠯᠤᠨ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ ᠨᠠᠮᠤᠷ ᠡᠪᠦᠯ ᠤᠨ ᠤᠯᠠᠷᠢᠯ ᠳᠤ᠂ ᠮᠠᠨ ᠤ ᠤᠯᠤᠰ ᠲᠤ ᠪᠡᠭᠡᠵᠢᠩ ᠤᠨ ᠺᠧ ᠰᠢᠩ ᠠᠮᠢᠳᠤ ᠪᠤᠳᠠᠰ ᠤᠨ ᠪᠦᠲᠦᠭᠡᠭᠳᠡᠬᠦᠨ ᠤ ᠬᠢᠵᠠᠭᠠᠷᠲᠤ  ᠺᠣᠮᠫᠠᠨᠢ᠂ ᠱᠧᠨᠵᠧᠨ ᠤ ᠰᠠᠶᠢᠨᠤᠹᠢ ᠪᠠᠰᠳ᠋ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠵᠡᠷᠭᠡ 9 ᠣᠶᠢᠯᠡᠳᠪᠣᠷᠢ ᠲᠠᠭᠰᠢᠭᠤᠷ ᠤᠨ ᠸᠠᠺᠼᠢᠨ ᠬᠠᠩᠭᠠᠨ᠎ᠠ᠂ ᠣᠯᠠᠨ ᠢᠶᠠᠷ ᠢᠶᠠᠨ ᠡᠯ᠎ᠡ ᠭᠠᠵᠠᠷ ᠤᠨ ᠲᠤᠰᠬᠠᠶ ᠪᠠᠶᠢᠭᠤᠯᠤᠮᠵᠢ ᠳᠤ ᠬᠦᠷᠴᠦ ᠸᠠᠺᠼᠢᠨ ᠳᠠᠷᠢᠵᠤ ᠪᠣᠯᠤᠨ᠎ᠠ᠃ᠰᠤᠪᠤᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号