ᠬᠥᠪᠡᠭᠡᠲᠥ ᠰᠢᠷ᠎ᠠ ᠬᠤᠰᠢᠭᠤ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠥ ᠪᠤᠢ
ᠨᠡᠶᠢᠲᠡᠯᠡᠭᠰᠡᠨ ᠴᠠᠭ᠄
2020/9/25
    ᠡᠨᠡ ᠵᠢᠯ ᠬᠥᠪᠡᠭᠡᠲᠥ ᠰᠢᠷ᠎ᠠ ᠬᠤᠰᠢᠭᠤ ᠬᠤᠷ᠎ᠠ ᠪᠤᠷᠤᠭᠠᠨ ᠡᠯᠪᠡᠭ᠂ ᠡᠪᠡᠰᠥ ᠪᠡᠯᠴᠢᠭᠡᠷ ᠥᠳᠭᠡᠨ ᠰᠠᠬᠤᠯᠢᠭ ᠤᠷᠭᠤᠵᠥ᠂ ᠭᠠᠯ ᠤᠨ ᠠᠶᠤᠯ ᠤᠨ ᠲᠡᠰ ᠨᠡᠯᠢᠶᠡᠳ ᠥᠨᠲᠤᠷ ᠪᠤᠯᠤᠭᠰᠠᠨ ᠪᠠᠶᠢᠲᠠᠯ ᠲᠤᠤᠷ᠎ᠠ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠵᠥ ᠪᠠᠶᠢᠨ᠎ᠠ᠃     ᠤᠢᠢᠷ᠎ᠠ ᠳᠤ ᠲᠤᠰ ᠬᠤᠰᠢᠭᠤᠨ ᠤ ᠤᠢ ᠰᠢᠭᠤᠢ ᠪᠤᠯᠤᠨ ᠨᠤᠲᠤᠭ ᠪᠡᠯᠴᠢᠭᠡᠷ ᠤᠨ ᠲᠤᠪᠴᠢᠶ᠎ᠠ ᠭᠠᠯ ᠤᠨ ᠠᠶᠤᠯ ᠡᠬᠦᠰᠬᠦ ᠲᠠᠯᠲᠠ ᠬᠡᠮ ᠢ ᠪᠠᠭᠠᠰᠬᠠᠵᠥ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠢ ᠪᠠᠲᠤᠯᠬᠠᠤ ᠶᠢᠨ ᠲᠥᠯᠥᠭᠡ ᠡᠯ᠎ᠠ ᠬᠠᠮᠢᠶ᠎ᠠ ᠪᠥᠬᠦᠢ ᠨᠢᠭᠡᠴᠢ ᠲᠠᠢ ᠬᠠᠮᠲᠤᠷᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠥᠷᠨᠢᠬᠦᠯᠪᠠ᠃ ᠤᠬᠠᠭᠤᠯᠭ᠎ᠠ ᠶᠢᠨ ᠠᠵᠢᠯᠲᠠᠳ ᠡᠯ᠎ᠠ ᠭᠠᠴᠠᠭᠠᠨ ᠤ ᠺᠠᠳ᠋ᠷ ᠲᠠᠢ ᠬᠠᠮᠵᠢᠯᠴᠠᠨ ᠮᠠᠯᠴᠢᠳ ᠲᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠲᠡᠯᠭᠡ ᠶᠢᠨ ᠤᠬᠠᠭᠤᠯᠭ᠎ᠠ ᠶᠢᠨ ᠭᠠᠷ ᠲᠡᠪᠲᠡᠷ ᠲᠠᠷᠬᠠᠭᠠᠵᠥ᠂ ᠬᠡᠷᠬᠢᠨ ᠠᠮᠤᠷ ᠲᠥᠪᠰᠢᠨ ᠢᠶᠠᠷ ᠭᠠᠯ ᠬᠡᠷᠡᠭᠯᠡᠬᠦ᠂ ᠭᠠᠯ ᠤᠨ ᠠᠶᠤᠯ ᠡᠬᠦᠰᠪᠠᠯ ᠬᠡᠷᠬᠢᠨ ᠬᠤᠪᠢ ᠪᠡᠶ᠎ᠠ ᠶᠢᠨ ᠠᠮᠤᠷ ᠲᠥᠪᠰᠢᠨ ᠢᠶᠠᠨ ᠬᠠᠮᠠᠭᠠᠯᠠᠬᠤ ᠵᠡᠷᠭᠡ ᠮᠡᠲᠡᠯᠭᠡ ᠶᠢ ᠲᠠᠶᠢᠯᠪᠤᠷᠢᠯᠠᠭᠰᠠᠨ ᠪᠥᠭᠡᠳ ᠡᠯ᠎ᠠ ᠭᠠᠴᠠᠭᠠᠨ ᠤ ᠤᠢ ᠰᠢᠭᠤᠢ ᠬᠠᠮᠠᠭᠠᠯᠠᠬᠴᠢ ᠲᠠᠷᠠᠬᠠᠢ ᠰᠠᠭᠤᠵᠥ ᠪᠠᠶᠢᠭ᠎ᠠ ᠮᠠᠯᠵᠢᠬᠤ ᠡᠷᠥᠭᠡ ᠪᠤᠯᠤᠨ ᠭᠤᠤᠯᠲᠠᠯᠭ᠎ᠠ ᠲᠠᠢ ᠤᠷᠤᠨ ᠲᠤᠭᠤᠷᠢᠭ ᠲᠤ ᠬᠥᠷᠴᠥ ᠤᠬᠠᠭᠤᠯᠭ᠎ᠠ ᠬᠢᠬᠦ ᠶᠢ ᠱᠠᠭᠠᠷᠲᠠᠵᠠᠢ᠃ ᠲᠤᠰ ᠤᠲᠠᠭᠠᠨ ᠤ ᠤᠬᠠᠭᠤᠯᠭ᠎ᠠ ᠪᠠᠷ ᠲᠠᠮᠵᠢᠭᠤᠯᠤᠨ᠂ ᠤᠯᠠᠨ ᠲᠥᠮᠡᠨ ᠤ ᠭᠠᠯ ᠰᠡᠷᠭᠡᠶᠢᠯᠡᠬᠦ ᠠᠮᠤᠷ ᠲᠥᠪᠰᠢᠨ ᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠵᠥ᠂ ᠤᠯᠠᠨ ᠲᠥᠮᠡᠨ ᠤ ᠥᠪᠡᠷ ᠢ ᠪᠠᠨ ᠬᠠᠮᠠᠭᠠᠯᠠᠵᠥ ᠥᠪᠡᠷ ᠢ ᠪᠠᠨ ᠠᠪᠤᠷᠠᠬᠤ ᠴᠢᠲᠠᠪᠤᠷᠢ ᠶᠢ ᠴᠢᠩᠭᠠᠳᠬᠠᠭᠰᠠᠨ ᠪᠠᠶᠢᠨ᠎ᠠ᠃ ᠲᠠᠷᠠᠭᠠᠴᠢ ᠪᠠᠷ ᠲᠤᠰ ᠬᠤᠰᠢᠭᠤᠨ ᠤ ᠤᠢ ᠰᠢᠭᠤᠢ ᠪᠤᠯᠤᠨ ᠨᠤᠲᠤᠭ ᠪᠡᠯᠴᠢᠭᠡᠷ ᠤᠨ ᠲᠤᠪᠴᠢᠶ᠎ᠠ ᠤᠬᠠᠭᠤᠯᠭ᠎ᠠ ᠶᠢᠨ ᠡᠷᠴᠢᠮ ᠢᠶᠠᠨ ᠥᠷᠬᠦᠯᠵᠢᠯᠡᠨ ᠴᠢᠩᠭᠠᠷᠠᠭᠤᠯᠵᠥ᠂ ᠤᠯᠠᠨ ᠲᠥᠮᠡᠨ ᠤ ᠠᠮᠤᠷ ᠲᠥᠪᠰᠢᠨ ᠤ ᠤᠬᠠᠮᠰᠠᠷ ᠪᠤᠯᠤᠨ ᠶᠡᠷᠥᠩᠭᠡᠶᠢᠯᠡᠨ ᠰᠡᠷᠭᠡᠶᠢᠯᠡᠨ ᠡᠵᠡᠮᠲᠡᠬᠦ᠂ ᠪᠠᠴᠢᠮ ᠪᠠᠶᠢᠲᠠᠯ ᠢ ᠠᠷᠭᠠᠴᠠᠵᠥ ᠠᠪᠤᠷᠠᠨ ᠲᠤᠰᠠᠯᠠᠬᠤ ᠴᠢᠲᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠬᠦᠯᠵᠥ᠂ ᠬᠦᠨᠳᠦ ᠶᠡᠭᠡ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠤᠯᠤᠨ ᠬᠥᠮᠥᠨ ᠬᠠᠷ᠎ᠠ ᠰᠢᠷᠬᠠᠲᠤᠵᠥ ᠠᠲᠡᠬᠦ ᠬᠡᠷᠡᠭ ᠡᠬᠦᠰᠬᠦ ᠠᠴᠠ ᠡᠷᠡᠰ ᠰᠡᠷᠭᠡᠶᠢᠯᠡᠨ᠎ᠠ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号