ᠪᠠᠶᠠᠨᠲᠠᠯ᠎ᠠ ᠪᠠᠯᠭᠠᠰᠤᠨ ᠤ ᠤᠪᠤᠭᠠᠨᠭᠤᠤᠯ ᠭᠠᠴᠠᠭ᠎ᠠ ︽ᠠᠮᠤ ᠪᠤᠳᠠᠭ᠎ᠠ ᠶᠢ ᠠᠷᠪᠢᠯᠠᠵᠦ ᠪᠤᠯᠪᠠᠰᠤᠨ ᠢᠶᠠᠷ ᠬᠤᠭᠤᠯᠠᠯᠠᠬᠤ︾ ᠭᠤᠤᠯ ᠰᠡᠳᠤᠪᠲᠦ ᠶᠠᠷᠢᠯᠴᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/9/7
    ᠦᠢᠷ᠎ᠠ ᠶᠢᠨ ᠡᠳᠤᠷ᠂ ᠬᠦᠪᠡᠭᠡᠲᠦ ᠰᠢᠷ᠎ᠠ ᠬᠤᠰᠢᠭᠤᠨ ᠤ ᠪᠠᠶᠠᠨᠳᠠᠯ᠎ᠠ ᠪᠠᠯᠭᠠᠰᠤ ᠶᠢᠨ ᠤᠪᠤᠭᠠᠨᠭᠤᠤᠯ ᠭᠠᠴᠠᠭᠠᠨ ᠤ ᠨᠠᠮ ᠤᠨ ᠡᠬᠦᠷ ᠪᠠ ᠠᠷᠠᠳ ᠤᠨ ᠵᠦᠪᠯᠡᠯ᠂ ᠡᠮᠡᠭᠳᠡᠶᠢᠴᠤᠳ ᠤᠨ ᠬᠤᠯᠪᠤᠭᠠᠲᠦ ᠬᠤᠷᠠᠯ ᠨᠢ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠲᠦ ᠬᠤᠷᠠᠯ ᠲᠠᠢ ᠬᠠᠮᠲᠤᠷᠠᠨ᠂ ︽ᠠᠮᠤ ᠪᠤᠳᠠᠭ᠎ᠠ ᠶᠢ ᠠᠷᠪᠢᠯᠠᠵᠦ᠂ ᠪᠤᠯᠪᠠᠰᠤᠨ ᠢᠶᠠᠷ ᠬᠤᠭᠤᠯᠠᠯᠠᠬᠤ︾ ᠭᠤᠤᠯ ᠰᠡᠳᠤᠪᠲᠦ ᠡᠮᠡᠭᠳᠡᠶᠢᠴᠤᠳ ᠤᠨ ᠶᠠᠷᠢᠯᠴᠠᠭᠠᠨ ᠤ ᠬᠤᠷᠠᠯ ᠡᠷᠬᠢᠯᠡᠵᠦ᠂ ᠭᠠᠴᠠᠭᠠᠨ ᠤ ᠡᠮᠡᠭᠳᠡᠶᠢᠴᠤᠳ ᠵᠠᠯᠠᠭᠤᠴᠤᠳ ᠢ ᠪᠠᠭᠳᠠᠭᠠᠬᠰᠠᠨ 50 ᠭᠠᠷᠤᠢ ᠬᠦᠮᠤᠨ ᠤᠷᠤᠯᠴᠠᠪᠠ᠃     ᠠᠵᠢᠯᠯᠠᠭ᠎ᠠ ᠳᠤ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠲᠦ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠬᠯᠠᠬᠤ ᠲᠤᠬᠠᠢ ᠵᠢᠭᠠᠪᠤᠷᠢ ᠶᠢ ᠰᠤᠷᠤᠯᠴᠠᠨ ᠤᠯᠠᠮᠵᠢᠯᠠᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠬᠯᠠᠵᠦ᠂ ᠠᠷᠪᠢᠯᠡᠨ ᠭᠠᠮᠨᠠᠬᠤ ᠶᠢ ᠡᠷᠬᠢᠮᠯᠡᠬᠦ ᠶᠢ ᠦᠪᠡᠷ ᠤᠨ ᠪᠠᠶ᠎ᠠ ᠠᠴᠠ ᠪᠠᠨ ᠡᠬᠢᠯᠡᠨ᠂ ᠬᠡᠷ ᠪᠦᠯᠢ ᠠᠴᠠ ᠪᠠᠨ ᠡᠬᠢᠯᠡᠨ ᠦᠢᠯᠡᠳᠤᠯᠭᠡᠵᠢᠬᠦᠯᠬᠦ ᠶᠢ ᠤᠷᠢᠶᠠᠯᠠᠵᠦ᠂ ᠠᠵᠢᠯᠴᠢ ᠠᠷᠪᠢᠴᠢ ᠪᠠᠷ ᠠᠮᠢᠳᠤᠷᠠᠯ ᠢᠶᠠᠨ ᠴᠤᠬᠴᠠᠯᠠᠵᠦ᠂ ᠪᠤᠯᠪᠠᠰᠤᠨ᠂ ᠡᠷᠡᠬᠦᠯ ᠰᠠᠶᠢᠬᠠᠨ ᠬᠡᠷ ᠪᠦᠯᠢ ᠪᠠᠨ ᠴᠤᠭᠴᠠᠯᠠᠵᠦ᠂ ᠤᠯᠠᠮᠵᠢᠯᠠᠯᠲᠦ ᠰᠢᠯᠢᠲᠡᠭ ᠰᠤᠷᠳᠠᠯ ᠢᠶᠠᠨ ᠵᠠᠯᠭᠠᠮᠵᠢᠯᠠᠵᠦ᠂ ᠰᠢᠨ᠎ᠠ ᠴᠠᠭ ᠦᠶ᠎ᠡ ᠶᠢᠨ ᠰᠢᠨ᠎ᠠ ᠬᠡᠪ ᠰᠤᠷᠳᠠᠯ ᠤᠨ ᠠᠬᠢᠭᠤᠯᠤᠬᠴᠢ ᠪᠤᠯᠬᠤ ᠶᠢ ᠰᠤᠷᠳᠠᠯᠴᠢᠯᠡᠵᠡᠢ᠃     ︽ᠮᠠᠨ ᠤ ᠭᠠᠴᠠᠭ᠎ᠠ ‍ᠦᠷᠬᠦᠯᠵᠢᠯᠡᠨ ᠠᠵᠢᠯᠴᠢ ᠠᠷᠪᠢᠴᠢ᠂ ᠠᠷᠪᠢᠯᠠᠨ ᠭᠠᠮᠨᠠᠬᠤ ᠬᠡᠪ ᠰᠤᠷᠳᠠᠯ ᠢ ᠦᠷᠬᠦᠯᠵᠢᠯᠠᠨ ᠪᠠᠳᠠᠷᠠᠭᠤᠯᠵᠥ᠂ ᠭᠠᠴᠠᠭᠠᠨ ᠤ ᠤᠳᠤᠷᠢᠳᠬᠤ ᠪᠠᠭ ᠤᠨ ᠬᠤᠰᠢᠭᠤᠴᠢ ᠵᠢᠱᠢᠶᠡᠴᠢ ᠦᠢᠯᠡᠳᠤᠯ ᠢᠶᠠᠨ ᠬᠦᠢᠴᠡᠳ ᠪᠠᠳᠠᠷᠠᠭᠤᠯᠵᠦ᠂ ᠥᠪᠡᠷ ᠤᠨ ᠪᠠᠶ᠎ᠠ ᠪᠠᠷ ᠢᠶᠠᠨ ᠲᠠᠭᠤᠷᠢᠶᠠᠯ ᠪᠤᠯᠵᠦ ᠠᠷᠪᠢᠯᠡᠨ ᠭᠠᠮᠨᠠᠵᠦ᠂ ᠪᠦᠷᠢᠯᠭᠡᠨ ᠰᠦᠢᠳᠭᠡᠬᠦ ᠶᠢ ᠡᠰᠡᠷᠬᠦᠴᠡᠵᠦ᠂ ᠪᠦᠬᠦ ᠭᠠᠴᠠᠭᠠᠨ ᠤ ᠮᠠᠯᠴᠢᠳ ᠢᠶᠠᠨ ᠲᠠᠭᠠᠭᠤᠯᠵᠦ᠂ ᠪᠤᠯᠪᠠᠰᠤᠨ ᠢᠶᠠᠷ ᠬᠤᠭᠤᠯᠠᠯᠠᠵᠦ᠂ ᠡᠷᠡᠬᠦᠯ ᠬᠤᠭᠤᠯᠠ ᠤᠮᠳᠠᠭᠠᠨ ᠤ ᠰᠢᠨ᠎ᠠ ᠤᠶᠢᠯᠠᠭᠠᠬᠳᠠᠬᠤᠨ᠂ ᠰᠢᠨ᠎ᠠ ᠲᠠᠳᠬᠠᠯ᠂ ᠰᠢᠨ᠎ᠠ ᠬᠡᠪ ᠰᠤᠷᠳᠠᠯ ᠢ ᠦᠢᠯᠡᠳᠤᠯᠭᠡᠵᠢᠬᠦᠯᠦᠨ᠎ᠠ︾ ᠬᠡᠵᠦ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠲᠦ ᠬᠤᠷᠠᠯ ᠤᠨ ᠲᠡᠷᠢᠬᠦᠯᠡᠭᠴᠢ ᠰᠡᠴᠡᠨᠳᠤᠶᠠᠭ᠎ᠠ ᠲᠠᠨᠢᠯᠴᠠᠭᠤᠯᠤᠯ᠎ᠠ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号