ᠬᠥᠪᠡᠭᠡᠳᠤ ᠰᠢᠷ᠎ᠠ ᠬᠤᠰᠢᠭᠤ ᠭᠡᠪᠯᠡᠭᠳᠡᠬᠦᠨ ᠤ ᠵᠠᠬ᠎ᠠ ᠳᠡᠯᠭᠡᠬᠦᠷ ᠤᠨ ᠡᠮᠬᠢ ᠳᠢᠭᠯᠢᠮ ᠳᠤ ᠳᠤᠰᠬᠠᠢ ᠴᠡᠭᠴᠡᠯᠡᠯᠳᠡ ᠬᠢᠪᠡ
ᠨᠡᠶᠢᠲᠡᠯᠡᠭᠰᠡᠨ ᠴᠠᠭ᠄
2020/9/9
    ᠤᠢᠢᠷ᠎ᠠ ᠶᠢᠨ ᠡᠳᠤᠷ᠂ ᠬᠥᠪᠡᠭᠡᠳᠤ ᠰᠢᠷ᠎ᠠ ᠬᠤᠰᠢᠭᠤᠨ ᠤ ᠰᠤᠶᠤᠯ ᠤᠨ ᠵᠠᠬ᠎ᠠ ᠳᠡᠯᠭᠡᠬᠦᠷ ᠤᠨ ᠶᠠᠷᠥᠩᠭᠡᠶᠢᠯᠡᠭᠰᠡᠨ ᠬᠠᠤᠯᠢ ᠭᠡᠷᠡᠭᠵᠢᠬᠦᠯᠬᠦ ᠳᠤᠪᠴᠢᠶ᠎ᠠ ᠪᠥᠬᠦ ᠬᠤᠰᠢᠭᠤᠨ ᠤ ᠭᠡᠪᠴᠢᠶᠠᠨ ᠳᠤ ᠭᠡᠪᠯᠡᠭᠳᠡᠬᠦᠨ ᠤ ᠵᠠᠬ᠎ᠠ ᠳᠡᠯᠭᠡᠬᠦᠷ ᠢ ᠳᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠥᠷᠨᠢᠬᠦᠯᠪᠡ᠃     ᠳᠤᠰ ᠤᠳᠠᠭᠠᠨ ᠤ ᠠᠵᠢᠯᠯᠠᠭ᠎ᠠ ᠨᠢ ᠤᠷᠢᠳᠴᠢᠯᠡᠨ ᠰᠡᠷᠭᠡᠶᠢᠯᠡᠬᠦ ᠪᠠᠷ ᠭᠤᠤᠯ ᠪᠤᠯᠭᠠᠵᠤ᠂ ᠴᠤᠬᠢᠯᠳᠠ ᠥᠭᠬᠦ ᠪᠠ ᠰᠠᠷᠭᠡᠶᠢᠯᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠳᠠᠯᠠᠨ᠂ ᠰᠤᠷᠭᠠᠭᠤᠯᠢ ᠶᠢᠨ ᠬᠥᠷᠢᠶᠡᠨ ᠤ ᠡᠷᠭᠢᠨ ᠳᠤᠭᠤᠷᠢᠨ ᠤ ᠭᠡᠪᠯᠡᠭᠳᠡᠬᠦᠨ ᠤ ᠵᠠᠬ᠎ᠠ ᠳᠡᠯᠭᠡᠬᠦᠷ ᠤᠨ ᠤᠷᠴᠢᠨ ᠳᠤᠭᠤᠷᠢᠨ ᠢ ᠭᠤᠤᠯᠳᠠᠯᠭ᠎ᠠ ᠲᠠᠢ ᠪᠠᠶᠢᠴᠠᠭᠠᠨ ᠴᠡᠭᠴᠡᠯᠡᠵᠠᠢ᠃ ᠠᠵᠢᠯᠯᠠᠭ᠎ᠠ ᠳᠤ ᠤᠯᠤᠰ ᠤᠨ ᠠᠮᠤᠷ ᠢ ᠬᠠᠮᠠᠭᠠᠯᠠᠬᠤ ᠶᠡᠭᠡ ᠠᠩᠬᠢ᠂ ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠵᠡᠷᠭᠡ ᠡᠯ᠎ᠠ ᠡᠬᠦᠷᠭᠡ ᠴᠢᠳᠠᠪᠬᠢᠳᠤ ᠰᠠᠯᠠᠭ᠎ᠠ ᠮᠥᠴᠢᠷ ᠲᠠᠢ ᠬᠠᠮᠳᠤᠷᠠᠨ ᠬᠠᠤᠯᠢ ᠭᠡᠷᠡᠭᠵᠢᠬᠦᠯᠥᠯᠳᠠ ᠶᠢᠨ ᠪᠠᠶᠢᠴᠠᠭᠠᠯᠳᠠ ᠶᠢᠨ ᠬᠥᠴᠥᠯᠡᠴᠡ ᠪᠠᠨ ᠴᠢᠩᠭᠠᠳᠬᠠᠵᠤ᠂ ᠰᠤᠷᠭᠠᠭᠤᠯᠢ ᠶᠢᠨ ᠡᠷᠬᠢᠨ ᠳᠤᠭᠤᠷᠢᠨ ᠤ ᠰᠤᠶᠤᠯ ᠤᠨ ᠭᠡᠷᠡᠭᠰᠡᠯ ᠤᠨ ᠡᠵᠡᠩᠨᠡᠭᠴᠢᠳ ᠤᠨ ᠳᠤᠭᠳᠠᠭᠠᠯ ᠠᠴᠠ ᠵᠥᠷᠢᠴᠡᠨ ᠱᠠᠯᠢᠬ ᠵᠠᠪᠬᠠᠢ᠂ ᠬᠥᠴᠤᠷᠭᠡᠭᠯᠡᠯ ᠵᠡᠷᠭᠡ ᠬᠤᠤᠷ ᠬᠥᠨᠤᠭᠡᠯ ᠲᠠᠢ ᠠᠭᠤᠯᠭ᠎ᠠ ᠪᠥᠬᠦᠢ ᠭᠡᠤᠭᠡᠳ ᠤᠨ ᠭᠡᠪᠯᠡᠭᠳᠡᠬᠦᠨ ᠪᠤᠯᠤᠨ ᠰᠤᠶᠤᠯ ᠤᠨ ᠪᠥᠳᠥᠭᠡᠭᠳᠡᠬᠦᠨ ᠬᠤᠳᠠᠯᠳᠤᠬᠤ ᠶᠢ ᠡᠷᠡᠰ ᠴᠠᠭᠠᠵᠠᠯᠠᠵᠤ᠂ ᠰᠤᠷᠭᠠᠭᠤᠯᠢ ᠶᠢᠨ ᠬᠥᠷᠢᠶᠡᠨ ᠤ ᠡᠷᠬᠢᠨ ᠳᠤᠭᠤᠷᠢᠨ ᠤ ᠰᠤᠶᠤᠯ ᠤᠨ ᠵᠠᠬ᠎ᠠ ᠳᠡᠯᠭᠡᠬᠦᠷ ᠤᠨ ᠤᠷᠴᠢᠨ ᠳᠤᠭᠤᠷᠢᠨ ᠢ ᠴᠡᠪᠡᠷᠰᠢᠬᠦᠯᠵᠤ᠂ ᠪᠥᠬᠦ ᠬᠤᠰᠢᠭᠤᠨ ᠤ ᠰᠤᠶᠤᠯ ᠤᠨ ᠵᠠᠬ᠎ᠠ ᠳᠡᠯᠭᠡᠬᠦᠷ ᠤᠨ ᠠᠮᠤᠷ ᠳᠥᠪᠰᠢᠨ᠂ ᠡᠮᠬᠢ ᠵᠢᠷᠤᠮ ᠲᠠᠢ ᠪᠠᠶᠢᠬᠤ ᠶᠢ ᠥᠨᠡᠨᠬᠦ ᠪᠠᠳᠤᠯᠠᠪᠠ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号