ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠮᠤᠩᠭᠤᠯ ᠰᠢᠨᠵᠢᠯᠡᠬᠦ ᠤᠬᠠᠭᠠᠨᠲᠠᠨ ᠪᠤᠷᠵᠢᠬᠢᠨ ᠬᠡᠷᠡᠯᠲᠦ 
ᠨᠡᠶᠢᠲᠡᠯᠡᠭᠰᠡᠨ ᠴᠠᠭ᠄
2020/9/9
   ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠮᠤᠩᠭᠤᠯ ᠰᠢᠨᠵᠢᠯᠡᠬᠦ ᠤᠬᠠᠭᠠᠨᠲᠠᠨ ᠪᠤᠷᠵᠢᠬᠢᠨ ᠬᠡᠷᠡᠯᠲᠦ ᠶᠢ ᠰᠤᠷᠪᠤᠯᠵᠢᠯᠠᠭᠰᠠᠨ ᠨᠢ          ᠰᠢᠨ᠎ᠡ ᠡᠬᠦᠳᠦᠯᠳᠡ ᠭᠡᠭᠴᠢ ᠨᠢ ᠣᠶᠤᠨ ᠤᠬᠠᠭᠠᠨ᠂ ᠬᠦᠴᠦ ᠬᠦᠯᠦᠰᠦ ᠪᠠᠷ ᠢᠶᠠᠨ ᠱᠤᠭᠤᠵᠤ ᠪᠦᠳᠦᠭᠡᠭᠰᠡᠨ ᠣᠶᠤᠨ ᠤ ᠠᠨᠵᠢᠰᠤᠨ ᠬᠤᠰᠢᠭᠤ ᠬᠡᠯᠡᠳᠡᠢ᠃ ᠲᠡᠷᠡ ᠬᠦ ᠠᠨᠵᠢᠰᠤᠨ ᠬᠤᠰᠢᠭᠤ ᠪᠠᠷ ᠠᠲᠠᠷ ᠬᠡᠭᠡᠷ᠎ᠡ ᠶᠢ ᠬᠠᠭᠠᠯᠪᠤᠷᠢᠯᠠᠵᠤ ︽ᠲᠤᠭᠤᠳᠠᠭ ᠰᠠᠭᠤᠬᠤ ᠦᠬᠡᠢ ᠲᠡᠤᠯᠠᠢ ᠪᠠᠭᠠᠬᠤ ᠦᠬᠡᠢ︾ ᠭᠠᠵᠠᠷ ᠢ ᠠᠮᠢ ᠨᠠᠰᠤᠨ ᠤ ᠨᠤᠭᠤᠭᠠᠨ ᠪᠦᠷᠢᠳᠦ ᠪᠤᠯᠭᠠᠵᠤ᠂ ᠦᠢᠯᠡᠰ ᠤᠨ ᠴᠡᠴᠡᠭ ᠢ ᠦᠷᠭᠡᠨ ᠲᠠᠯ᠎ᠠ ᠳᠤ ᠥᠪᠴᠢ ᠳᠡᠯᠭᠡᠷᠡᠬᠦᠯᠳᠡᠭ ᠪᠢᠯᠡ᠃ ᠳᠤᠮᠳᠠᠳᠤ ᠶᠢᠨ ᠥᠷᠭᠡᠨ ᠠᠭᠤᠳᠠᠮ ᠨᠤᠲᠤᠭ ᠲᠤ ᠲᠤᠭ᠎ᠠ ᠲᠤᠮᠰᠢ ᠦᠭᠡᠢ ᠣᠯᠠᠨ ᠰᠢᠨ᠎ᠡ ᠡᠬᠦᠳᠦᠯᠳᠡ ᠶᠢᠨ ᠬᠡᠷᠡᠯᠳᠦ ᠣᠳᠤᠨ ᠬᠢᠯᠡᠯᠵᠠᠵᠤ ᠪᠠᠶᠢᠳᠠᠭ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠪᠣᠷᠵᠢᠬᠢᠨ ᠬᠡᠷᠡᠯᠳᠦ ᠪᠣᠯ ᠶᠠᠭ ᠯᠠ ᠢᠩᠭᠢᠵᠤ ᠰᠢᠷᠭᠠᠭᠤ ᠠᠵᠢᠯᠯᠠᠵᠤ᠂ ᠰᠢᠨᠳᠡᠷᠰᠢ ᠦᠭᠡᠢ ᠰᠤᠳᠤᠯᠵᠤ ᠣᠶᠣᠨ ᠤ ᠠᠲᠠᠷ ᠬᠠᠭᠠᠯᠪᠤᠷᠢᠯᠠᠭᠴᠢ ᠪᠤᠯᠵᠤ ᠶᠠᠪᠤᠭ᠎ᠠ ᠪᠢᠯᠡ᠃        1977 ᠣᠨ ᠳᠤ ᠠᠷᠪᠠᠨ ᠨᠠᠢᠮᠠᠨ ᠨᠠᠰᠤᠲᠠᠢ ᠪᠣᠷᠵᠢᠭᠢᠨ ᠬᠡᠷᠡᠯᠲᠦ ᠰᠢᠯᠢ ᠶᠢᠨ ᠭᠤᠣᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠠᠴᠠ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠰᠢᠯᠭᠠᠨ ᠤᠷᠤᠪᠠ᠃ ᠲᠠᠷᠠᠭ᠎ᠠ ᠨᠢ ᠲᠡᠷᠡ ᠤᠷᠢᠳ ᠬᠤᠵᠢᠳ ᠪᠡᠭᠡᠵᠢᠩ ᠶᠡᠭᠡ ᠰᠤᠷᠭᠠᠭᠤᠯᠢ᠂ ᠠᠩᠭ᠍ᠯᠢ ᠣᠯᠣᠰ ᠤᠨ ᠯᠠᠨᠺᠠᠰᠲ᠋ᠧᠷ ᠶᠡᠭᠡ ᠰᠤᠷᠭᠠᠭᠤᠯᠢ᠂ ᠶᠠᠫᠤᠨ ᠤ ᠲᠣᠣᠺᠢᠤ᠋ ᠶᠡᠭᠡ ᠰᠤᠷᠭᠠᠭᠤᠯᠢ ᠳᠤ ᠳᠡᠭᠡᠳᠤ ᠮᠣᠯᠧᠺᠦ᠋ᠯᠲᠦ ᠬᠢᠮᠢ ᠪᠣᠯᠣᠨ ᠡᠮᠲᠤ ᠪᠤᠳᠠᠰ ᠤᠨ ᠰᠤᠳᠤᠯᠭᠠᠨ ᠤ ᠠᠵᠢᠯ ᠬᠢᠵᠤ᠂ 44 ᠨᠠᠰᠤᠲᠠᠢ ᠳᠠᠭᠠᠨ ᠶᠠᠫᠤᠨ ᠤ ᠲᠣᠣᠺᠢᠤ᠋ ᠶᠡᠭᠡ ᠰᠤᠷᠭᠠᠭᠤᠯᠢ ᠳᠤ ᠳ᠋ᠣᠺᠲ᠋ᠣᠷ ᠤᠨ ᠵᠡᠷᠭᠡ ᠬᠠᠮᠠᠭᠠᠯᠠᠭᠠᠳ ᠤᠯᠤᠰ ᠤᠨ ᠭᠠᠳᠠᠭᠠᠳᠤ ᠳᠤ ᠠᠵᠢᠯᠯᠠᠵᠤ ᠠᠮᠢᠳᠤᠷᠠᠬᠤ ᠨᠦᠬᠦᠴᠡᠯ ᠲᠤᠬᠢᠶᠠᠯ ᠢ ᠲᠡᠪᠴᠢᠵᠤ᠂ 1999 ᠣᠨ ᠳᠤ ᠡᠬᠡ ᠣᠯᠣᠰ ᠲᠠᠭᠠᠨ ᠪᠤᠴᠠᠵᠤ ᠢᠷᠡᠪᠡ᠃ ᠤᠴᠢᠷ ᠨᠢ ᠲᠡᠷᠡ ᠡᠬᠡ ᠣᠯᠣᠰ᠂ ᠠᠷᠠᠳ ᠲᠦᠮᠡᠨ ᠤ ᠪᠠᠨ ᠲᠦᠯᠦᠭᠡ ᠶᠠᠭᠤ ᠨᠢᠭᠡ ᠶᠢ ᠬᠢᠬᠦ ᠶᠤᠰᠤᠳᠠᠢ ᠭᠡᠳᠡᠭ ᠢᠶᠠᠨ ᠬᠦᠨᠵᠡᠭᠡᠢ ᠮᠡᠳᠡᠨ᠎ᠡ᠃ ᠲᠡᠷᠡᠪᠡᠷ ᠤᠯᠤᠰ ᠤᠨ ᠰᠤᠷᠭᠠᠨ ᠬᠦᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠣᠯᠣᠨ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠠᠯᠠᠭᠤᠨ ᠳᠡᠮᠵᠢᠯᠭᠡ ᠪᠠᠷ ᠲᠤᠰ ᠵᠢᠯ ᠤᠨ 11 ᠰᠠᠷ᠎ᠠ ᠶᠢᠨ 29᠎ ᠤ ᠡᠳᠦᠷ ᠥᠪᠦᠷ ᠮᠤᠩᠭᠤᠯ ᠤᠨ ᠶᠡᠭᠡ ᠰᠤᠷᠭᠠᠭᠤᠯᠢ ᠳᠤ ᠲᠡᠭᠡᠳᠦ ᠮᠤᠯᠧᠺᠦ᠋ᠯᠲᠦ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠢ ᠪᠠᠶᠢᠭᠤᠯᠵᠤ᠂ ᠪᠤᠷᠵᠢᠬᠢᠨ ᠭᠡᠷᠡᠯᠲᠦ ᠰᠤᠳᠤᠯᠬᠤ ᠭᠠᠵᠠᠷ ᠤᠨ ᠲᠠᠷᠤᠭ᠎ᠠ ᠪᠠᠷ ᠲᠤᠮᠢᠯᠠᠭᠳᠠᠪᠠ᠃ ᠨᠢᠭᠡ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ ᠤᠳᠤᠬᠢᠴᠢᠯᠠᠭᠰᠠᠨ ︽ᠳᠡᠭᠡᠳᠤ ᠮᠣᠯᠧᠺᠦ᠋ᠯᠲᠦ ᠡᠮ ᠢ ᠨᠡᠶᠢᠯᠡᠬᠦᠯᠬᠦ ᠲᠤᠷᠰᠢᠯᠲᠠ ᠶᠢᠨ ᠲᠠᠰᠤᠭ︾ ᠪᠤᠯᠤᠨ ︽ᠮᠤᠩᠭᠤᠯ ᠡᠮ ᠤᠨ ᠬᠢᠮᠢ ᠪᠤᠯᠤᠨ ᠡᠮ ᠨᠡᠶᠢᠯᠡᠬᠦᠯᠬᠦ ᠲᠤᠷᠰᠢᠯᠲᠠ ᠶᠢᠨ ᠲᠠᠰᠤᠭ︾᠎ ᠢ ᠪᠠᠶᠢᠭᠤᠯᠪᠠ᠃        ᠲᠡᠷᠡ ᠬᠦ ᠮᠦᠴᠡ ᠠᠴᠠ ᠡᠬᠢᠯᠡᠨ ᠪᠤᠷᠵᠢᠬᠢᠨ ᠬᠡᠷᠡᠯᠲᠦ ᠠᠵᠢᠯᠯᠠᠬᠤ ᠪᠠᠭ ᠢᠶᠠᠨ ᠲᠠᠭᠠᠭᠤᠯᠤᠨ ᠤᠳᠠᠭᠠᠨ ᠲᠠᠭᠠᠭᠠᠮᠠᠭᠠᠢ ᠮᠦᠷᠳᠡᠭᠡᠨ ᠨᠦᠰᠡᠷ ᠬᠦᠨᠳᠦ ᠡᠷᠳᠡᠮ ᠰᠢᠨᠵᠢᠯᠡᠭᠡᠨ ᠤ ᠰᠤᠳᠤᠯᠭᠠᠨ ᠤ ᠰᠢᠨ᠎ᠡ ᠡᠬᠦᠳᠦᠯᠳᠡ ᠶᠢᠨ ᠠᠵᠢᠯ ᠢᠶᠠᠨ ᠡᠬᠢᠯᠡᠬᠦᠯᠵᠦ᠂ ᠮᠤᠩᠭᠤᠯ ᠡᠮ ᠪᠠ ᠰᠢᠨ᠎ᠡ ᠡᠮ ᠤᠨ ᠰᠤᠳᠤᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠲᠡ ᠵᠡᠷᠭᠡ ᠲᠠᠯ᠎ᠠ ᠪᠠᠷ ᠬᠡᠳᠦ ᠬᠡᠳᠦ ᠲᠥᠷᠦᠯ ᠤᠨ ᠰᠢᠪᠳᠤᠯᠤᠯᠲᠠ ᠶᠢᠨ ᠴᠢᠨᠠᠷ ᠲᠠᠢ ᠠᠮᠵᠢᠯᠲᠠ ᠪᠦᠳᠦᠭᠡᠯ ᠭᠠᠷᠭᠠᠵᠤ᠂ ᠵᠠᠷᠢᠮ ᠰᠤᠳᠤᠯᠭᠠᠨ ᠤ ᠪᠦᠳᠦᠭᠡᠯ ᠨᠢ ᠳᠡᠯᠡᠭᠡᠢ ᠶᠢᠨ ᠲᠡᠷᠢᠬᠦᠨ ᠤ ᠬᠢᠷᠢ ᠲᠥᠪᠰᠢᠨ ᠳᠤ ᠬᠦᠷᠪᠡ᠃ ᠠᠵᠢᠯᠯᠠᠬᠤ ᠪᠠᠭ ᠤᠨ ᠬᠢᠨ ᠣᠯᠣᠰ ᠤᠨ ᠳᠤᠳᠤᠭᠠᠳᠤ ᠭᠠᠳᠠᠭᠠᠳᠤ ᠳᠤ 5 ᠲᠥᠷᠦᠯ ᠤᠨ ᠠᠩᠬᠠᠨ ᠤ ᠢᠯᠡᠷᠡᠬᠦᠯᠦᠯᠲᠡ ᠶᠢ ᠡᠬᠦᠳᠴᠦ᠂ ᠤᠯᠤᠰ ᠤᠨ 6 ᠲᠥᠷᠦᠯ ᠤᠨ ᠡᠬᠦᠳᠦᠨ ᠪᠦᠳᠦᠭᠡᠯᠲᠡ ᠶᠢᠨ ᠲᠤᠰᠬᠠᠢ ᠠᠰᠢᠭ ᠤᠨ ᠡᠷᠬᠡ ᠶᠢ ᠬᠦᠷᠲᠡᠪᠡ᠃ 2002 ᠣᠨ ᠳᠤ ᠠᠶᠢᠽ ᠡᠪᠡᠳᠴᠢᠨ ᠢ ᠡᠰᠡᠷᠭᠦᠴᠡᠬᠦ ᠡᠮ ᠳᠤ ᠣᠷᠤᠬᠤ ᠣᠯᠠᠨ ᠰᠢᠬᠢᠷ ᠢ ᠠᠩᠬ᠎ᠠ ᠤᠳᠠᠭ᠎ᠠ ᠢᠯᠡᠷᠡᠬᠦᠯᠵᠦ᠂ 2004 ᠣᠨ ᠳᠤ ᠬᠤᠨᠴᠢᠷ ᠣᠯᠠᠨ ᠰᠢᠬᠢᠷ ᠤᠨ ᠦᠭᠡᠬᠦ ᠪᠠᠭᠤᠷᠠᠭᠤᠯᠬᠤ ᠦᠢᠯᠡᠳᠦᠯ ᠢ ᠠᠩᠬ᠎ᠠ ᠤᠳᠠᠭ᠎ᠠ ᠢᠯᠡᠷᠡᠬᠦᠯᠬᠦ ᠶᠢᠨ ᠬᠠᠮᠲᠤ ᠡᠷᠡᠬᠦᠯᠵᠢᠯ ᠤᠨ ᠢᠳᠡᠭᠡᠨ ᠪᠣᠯᠭᠠᠨ ᠨᠡᠭᠡᠭᠡᠨ ᠬᠦᠭᠵᠢᠬᠦᠯᠵᠦ᠂ ᠤᠯᠤᠰ ᠤᠨ ᠰᠢᠨ᠎ᠡ ᠡᠬᠦᠳᠦᠯᠲᠡ ᠶᠢᠨ ᠪᠦᠳᠦᠭᠡᠭᠳᠡᠬᠦᠨ ᠤ ᠵᠥᠪᠰᠢᠶᠡᠷᠡᠯ ᠤᠨ ᠪᠢᠴᠢᠭ ᠢ ᠣᠯᠪᠠ᠂ 2005 ᠣᠨ ᠳᠤ ᠴᠠᠭᠠᠨ ᠰᠢᠬᠢᠷᠲᠦ ᠰᠢᠪᠠᠭ ᠤᠨ ᠣᠯᠠᠨ ᠰᠢᠬᠢᠷ ᠤᠨ ᠴᠢᠰᠤᠨ ᠤ ᠥᠭᠡᠬᠦ ᠶᠢ ᠪᠠᠭᠤᠷᠠᠭᠤᠯᠬᠤ ᠦᠢᠯᠡᠳᠦᠯ ᠢ ᠠᠩᠬ᠎ᠠ ᠢᠯᠡᠷᠡᠬᠦᠯᠵᠦ᠂ 2006 ᠣᠨ ᠳᠤ ᠴᠢᠰᠤᠨ ᠤ ᠰᠢᠬᠢᠷ ᠢ ᠲᠡᠩᠴᠡᠬᠦᠷᠢᠰᠢᠬᠦᠯᠬᠦ ᠮᠤᠩᠭᠤᠯ ᠡᠮ ᠤᠨ ᠡᠮᠴᠢᠯᠡᠭᠡᠨ ᠠᠴᠠ ᠡᠮᠦᠨᠡᠬᠢ ᠰᠤᠳᠤᠯᠭᠠᠨ ᠢ ᠬᠢᠵᠤ ᠲᠠᠭᠤᠰᠤᠭᠠᠳ ᠤᠯᠤᠰ ᠤᠨ ᠡᠮᠴᠢᠯᠡᠭᠡᠨ ᠤ ᠵᠥᠪᠰᠢᠶᠡᠷᠡᠯ ᠤᠨ ᠪᠢᠴᠢᠭ ᠶᠢ ᠣᠯᠪᠠ᠂ 2006 ᠣᠨ ᠳᠤ ᠠᠩᠬ᠎ᠠ ᠤᠳᠠᠭ᠎ᠠ ᠮᠤᠩᠭᠤᠯ ᠡᠮ ᠤᠨ ᠳᠤᠳᠤᠷ᠎ᠠ ᠠᠴᠠ ᠴᠢᠰᠤᠨ ᠤ ᠥᠭᠡᠬᠦ ᠶᠢ ᠪᠠᠭᠤᠷᠠᠭᠤᠯᠬᠤ ᠡᠮ ᠳᠤ ᠣᠷᠣᠬᠤ ᠬᠢᠮᠢ ᠶᠢᠨ ᠨᠠᠶᠢᠯᠡᠮᠡᠯ ᠪᠤᠳᠠᠰBGN᠎ ᠢ ᠢᠯᠡᠷᠡᠬᠦᠯᠵᠦ᠂ 2 ᠲᠥᠷᠦᠯ ᠤᠨ ᠡᠬᠦᠳᠦᠨ ᠪᠦᠳᠦᠭᠡᠯᠲᠡ ᠶᠢᠨ ᠲᠤᠰᠬᠠᠢ ᠠᠰᠢᠭ ᠢ ᠬᠦᠷᠲᠡᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠰᠡᠳᠦᠪ ᠢᠶᠠᠷ ᠰᠤᠩᠭᠤᠭᠳᠠᠪᠠ᠃ 2007 ᠣᠨ ᠳᠤ ᠪᠠᠺᠲ᠋ᠧᠷᠢ ᠤᠰᠠᠳᠬᠠᠬᠤ ᠢᠰᠭᠡᠭᠰᠡᠨ ᠴᠡᠭᠡ ᠨᠢ ᠦᠭᠡᠬᠦ ᠶᠢ ᠪᠠᠭᠤᠷᠠᠭᠤᠯᠬᠤ ᠦᠢᠯᠡᠳᠦᠯ ᠲᠠᠢ ᠭᠡᠳᠡᠭ ᠢ ᠠᠩᠬ᠎ᠠ ᠢᠯᠡᠷᠡᠬᠦᠯᠵᠦ᠂ 2010 ᠣᠨ ᠳᠤ ᠥᠭᠡᠬᠦ ᠶᠢ ᠪᠠᠭᠤᠷᠠᠭᠤᠯᠬᠤ ᠦᠢᠯᠡᠳᠦᠯ ᠲᠠᠢ ᠭᠡᠳᠡᠭ ᠢ ᠠᠩᠬ᠎ᠠ ᠢᠯᠡᠷᠡᠬᠦᠯᠵᠦ᠂ 2010 ᠣᠨ ᠳᠤ ᠥᠭᠡᠬᠦ ᠶᠢ ᠪᠠᠭᠤᠷᠠᠭᠤᠯᠬᠤ ᠰᠢᠨ᠎ᠡ ᠮᠤᠩᠭᠤᠯ ᠡᠮ ︽ᠴᠢᠰᠤᠨ ᠮᠤᠯᠤᠷ ᠡᠮ︾᠎ ᠢ ᠰᠤᠳᠤᠯᠤᠨ ᠪᠦᠳᠦᠭᠡᠬᠦ ᠶᠢᠨ ᠬᠠᠮᠲᠤ ᠡᠮᠴᠢᠯᠡᠭᠡᠨ ᠳᠤ ᠡᠬᠢᠯᠡᠨ ᠬᠡᠷᠡᠭᠯᠡᠪᠡ᠃        ᠪᠣᠷᠵᠢᠬᠢᠨ ᠬᠡᠷᠡᠯᠲᠦ ᠶᠢᠨ ᠠᠵᠢᠯᠯᠠᠬᠤ ᠪᠠᠭ ᠤᠨ ᠬᠢᠨ ᠤᠯᠤᠰ ᠤᠨ ᠰᠢᠨ᠎ᠡ ᠡᠮ ᠨᠠᠶᠢᠷᠠᠭᠤᠯᠬᠤ ᠴᠢᠬᠤᠯᠠ ᠲᠤᠰᠬᠠᠢ ᠰᠡᠳᠦᠪ ᠢ ᠲᠠᠭᠠᠭᠠᠴᠢᠯᠠᠵᠤ᠂ ᠴᠢᠰᠤᠨ ᠤ ᠰᠢᠬᠢᠷ ᠢ ᠪᠠᠭᠤᠷᠠᠭᠤᠯᠬᠤ ᠮᠤᠩᠭᠤᠯ ᠡᠮ ᠪᠣᠯᠣᠨ ᠰᠢᠨ᠎ᠡ ᠡᠮ ᠨᠠᠶᠢᠷᠠᠭᠤᠯᠬᠤ ᠮᠠᠰᠢ ᠤᠳᠬ᠎ᠠ ᠠᠭᠤᠯᠭ᠎ᠠ ᠲᠠᠢ ᠰᠤᠳᠤᠯᠭᠠᠨ ᠤ ᠠᠵᠢᠯ ᠢᠶᠠᠷ ᠢᠶᠠᠨ ᠲᠤᠪᠤᠶᠢᠮ᠎ᠠ ᠠᠮᠵᠢᠯᠲᠠ ᠭᠠᠷᠭᠠᠭᠰᠠᠨ ᠶᠤᠮ᠃ ᠠᠷᠪᠠᠨ ᠵᠢᠯ ᠤᠨ ᠬᠠᠳᠠᠭᠤᠵᠢᠯᠲᠠᠢ ᠰᠤᠳᠤᠯᠭᠠᠨ ᠢᠶᠠᠷ ᠳᠠᠮᠵᠢᠵᠤ᠂ ᠤᠳᠤᠬᠢᠴᠢᠯᠠᠭᠰᠠᠨ ᠰᠢᠨᠵᠢᠯᠡᠬᠦ ᠤᠬᠠᠭᠠᠨ ᠢᠶᠠᠷ ᠥᠭᠡᠬᠦ ᠪᠠᠭᠤᠷᠠᠭᠤᠯᠬᠤ ᠤᠯᠠᠮᠵᠢᠯᠠᠯᠲᠤ ᠮᠤᠩᠭᠤᠯ ᠡᠮ ᠳᠤ ᠴᠢᠰᠤᠨ ᠤ ᠥᠭᠡᠬᠦ ᠶᠢ ᠪᠠᠭᠤᠷᠠᠭᠤᠯᠬᠤ ᠦᠢᠯᠡᠳᠦᠯ ᠲᠠᠢ ᠪᠠᠶᠢᠭᠠᠯᠢᠯᠢᠭ ᠬᠢᠮᠢ ᠶᠢᠨ ᠨᠡᠶᠢᠯᠡᠮᠡᠯ ᠪᠤᠳᠠᠰ ᠪᠠᠶᠢᠬᠤ ᠪᠠ ᠲᠡᠬᠦᠨ ᠤ ᠮᠤᠯᠧᠺᠦ᠋ᠯ ᠤᠨ ᠪᠦᠳᠦᠴᠡ ᠶᠢ ᠢᠯᠡᠷᠡᠬᠦᠯᠵᠦ᠂ ᠴᠢᠰᠤᠨ ᠤ ᠥᠭᠡᠬᠦ ᠶᠢ ᠪᠠᠭᠤᠷᠠᠭᠤᠯᠳᠠᠭ ᠤᠯᠠᠮᠵᠢᠯᠠᠯᠲᠤ ᠮᠤᠩᠭᠤᠯ ᠡᠮ ᠤᠨ ᠳᠤᠳᠤᠷ᠎ᠠ ᠲᠡᠯᠡᠭᠡᠢ ᠲᠡᠭᠡᠷᠡᠬᠢ ᠬᠠᠮᠤᠭ ᠤᠨ ᠰᠢᠨ᠎ᠡ ᠥᠭᠡᠬᠦ ᠪᠠᠭᠤᠷᠠᠭᠤᠯᠳᠠᠭ ᠡᠮ ᠳᠤ ᠣᠷᠤᠬᠤ ᠪᠠᠶᠢᠭᠠᠯᠢᠯᠢᠭ ᠬᠢᠮᠢ ᠶᠢᠨ ᠨᠡᠶᠢᠯᠡᠮᠡᠯ ᠪᠤᠳᠠᠰ GBN ᠪᠠᠶᠢᠬᠤ ᠶᠢ ᠠᠩᠬ᠎ᠠ ᠢᠯᠡᠷᠡᠬᠦᠯᠬᠦ ᠶᠢᠨ ᠬᠠᠮᠲᠤ GBN᠎ ᠤᠨ ᠬᠢᠮᠢ ᠶᠢᠨ ᠨᠡᠶᠢᠯᠡᠮᠡᠯ ᠪᠤᠳᠠᠰ᠂ ᠡᠮ ᠵᠦᠢ᠂ ᠬᠤᠣᠷ ᠵᠦᠢ ᠪᠣᠯᠣᠨ ᠬᠡᠷᠡᠭᠯᠡᠭᠡᠨ ᠤ ᠵᠢᠮ᠎ᠡ ᠬᠠᠤᠯᠢ ᠶᠢᠨ ᠰᠤᠳᠤᠯᠭᠠᠨ ᠤ ᠠᠵᠢᠯ ᠢ ᠠᠮᠵᠢᠯᠲᠠ ᠎ ᠲᠠᠢ ᠪᠡᠶᠡᠯᠡᠬᠦᠯᠵᠦ᠂ ᠮᠠᠨ ᠤ ᠤᠯᠤᠰ ᠤᠨ ᠪᠦᠷᠢᠨ ᠡᠷᠬᠡᠲᠦ ᠣᠶᠤᠨ ᠤ ᠥᠮᠴᠢ ᠪᠦᠬᠦᠢ ᠥᠭᠡᠬᠦ ᠶᠢ ᠪᠠᠭᠤᠷᠠᠭᠤᠯᠬᠤ ᠰᠢᠨ᠎ᠡ ᠡᠮ ᠢ ᠰᠤᠳᠤᠯᠤᠨ ᠪᠦᠳᠦᠭᠡᠬᠦ ᠳᠤ ᠦᠨ᠎ᠡ ᠴᠠᠨ᠎ᠠ ᠲᠠᠢ ᠵᠢᠱᠢᠭᠳᠡᠬᠦ ᠡᠮ ᠢ ᠬᠠᠩᠭᠠᠪᠠ᠃ ᠡᠨᠡ ᠬᠦ ᠲᠥᠷᠦᠯ ᠤᠨ ᠠᠮᠵᠢᠯᠲᠠ ᠪᠦᠳᠦᠭᠡᠯ ᠪᠣᠯ ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠲᠡᠦᠬᠡᠨ ᠳᠠᠬᠢ ᠠᠩᠬ᠎ᠠ ᠤᠳᠠᠭ᠎ᠠ ᠤᠯᠠᠮᠵᠢᠯᠠᠯᠲᠤ ᠮᠣᠩᠭᠤᠯ ᠡᠮ ᠤᠨ ᠰᠤᠳᠤᠯᠭᠠᠨ ᠢ ᠮᠣᠯᠧᠺᠦᠯ ᠤᠨ ᠬᠢᠷᠢ ᠲᠥᠪᠰᠢᠨ ᠳᠤ ᠬᠦᠷᠭᠡᠪᠡ᠂ ᠡᠨᠡ ᠨᠢ ᠠᠩᠬ᠎ᠠ ᠤᠳᠠᠭ᠎ᠠ ᠬᠢᠮᠢ᠂ ᠠᠮᠢᠳᠤ ᠪᠤᠳᠠᠰ ᠪᠤᠯᠤᠨ ᠠᠨᠠᠭᠠᠬᠤ ᠤᠬᠠᠭᠠᠨ ᠵᠡᠷᠭᠡ ᠤᠳᠤᠬᠢᠴᠢᠯᠠᠭᠰᠠᠨ ᠰᠢᠨᠵᠢᠯᠡᠬᠦ ᠤᠬᠠᠭᠠᠨ ᠢ ᠠᠰᠢᠭᠯᠠᠵᠤ ᠤᠯᠠᠮᠵᠢᠯᠠᠯᠲᠤ ᠮᠤᠩᠭᠤᠯ ᠡᠮ ᠤᠨ ᠥᠭᠡᠬᠦ ᠪᠠᠭᠤᠷᠠᠭᠤᠯᠬᠤ ᠡᠮᠲᠦ ᠦᠢᠯᠡᠳᠦᠯ ᠪᠠ ᠡᠮ ᠤᠨ ᠰᠤᠳᠤᠯᠭᠠᠨ ᠤ ᠦᠨ᠎ᠡ ᠥᠷᠲᠡᠭ ᠢ ᠰᠢᠰᠲ᠋ᠧᠮ ᠲᠠᠢ ᠲᠤᠳᠤᠷᠬᠠᠶᠢᠯᠠᠵᠤ ᠴᠢᠳᠠᠵᠠᠢ᠃ ᠡᠨᠡ ᠨᠢ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠡᠮᠳᠡᠳ ᠪᠠ ᠨᠡᠩ ᠣᠯᠠᠨ ᠬᠦᠮᠦᠰ ᠲᠤ ᠮᠤᠩᠭᠤᠯ ᠡᠮ ᠢ ᠤᠯᠠᠮ ᠰᠠᠶᠢᠨ ᠣᠶᠢᠯᠠᠭᠠᠭᠤᠯᠵᠤ᠂ ᠮᠤᠩᠭᠤᠯ ᠡᠮ ᠢ ᠬᠦᠯᠢᠶᠡᠨ ᠵᠥᠪᠰᠢᠶᠡᠷᠡᠬᠦ᠂ ᠮᠤᠩᠭᠤᠯ ᠡᠮ ᠢ ᠬᠡᠷᠡᠭᠯᠡᠬᠦ ᠪᠠ ᠨᠡᠭᠡᠭᠡᠨ ᠬᠦᠭᠵᠢᠬᠦᠯᠬᠦ ᠳᠤ ᠴᠢᠬᠤᠯᠠ ᠶᠡᠭᠡ ᠤᠳᠬ᠎ᠠ ᠠᠭᠤᠯᠭ᠎ᠠ ᠲᠠᠢ ᠠᠵᠢᠯ ᠪᠣᠯᠵᠠᠢ᠃ ᠲᠤᠰ ᠰᠤᠳᠤᠯᠭᠠᠨ ᠤ ᠦᠷ᠎ᠡ ᠪᠦᠳᠦᠭᠡᠯ ᠨᠢ 2006 ᠣᠨ ᠳᠤ ᠤᠯᠤᠰ ᠤᠨ ᠡᠬᠦᠳᠦᠨ ᠪᠦᠳᠦᠭᠡᠯᠲᠡ ᠶᠢᠨ ᠲᠤᠰᠬᠠᠢ ᠠᠰᠢᠭ ᠤᠨ ᠡᠷᠬᠡ ᠶᠢ ᠬᠦᠷᠲᠡᠵᠦ᠂ 2009 ᠣᠨ ᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠰᠡᠳᠦᠪ ᠢᠶᠠᠷ ᠰᠤᠩᠭᠤᠭᠳᠠᠪᠠ᠃ ᠪᠠᠰᠠ ᠲᠤᠰ ᠰᠤᠳᠤᠯᠭᠠᠨ ᠤ ᠪᠦᠳᠦᠭᠡᠯ ᠢᠶᠠᠨ 800 ᠲᠥᠮᠡᠨ ᠲᠦᠭᠦᠷᠢᠭ ᠢᠶᠠᠷ ᠡᠮ ᠡᠮᠨᠡᠯᠭᠡ ᠶᠢᠨ ᠠᠵᠤ ᠠᠬᠤᠶᠢᠯᠠᠯ ᠳᠤ ᠰᠢᠯᠵᠢᠬᠦᠯᠦᠨ ᠥᠭᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠳᠦᠭᠡᠯ ᠤᠨ ᠵᠢᠩᠬᠢᠨᠢ ᠦᠷ᠎ᠡ ᠠᠰᠢᠭ ᠪᠤᠯᠭᠠᠬᠤ ᠬᠤᠪᠢᠷᠠᠯᠲᠠ ᠶᠢ ᠪᠡᠶᠡᠯᠡᠬᠦᠯᠪᠡ᠃ ︽ᠴᠢᠰᠤᠨ ᠮᠤᠯᠤᠷ ᠡᠮ︾᠎ ᠤᠨ ᠰᠤᠳᠤᠯᠭᠠᠨ ᠤ ᠰᠠᠭᠤᠷᠢᠨ ᠲᠡᠭᠡᠷ᠎ᠡ ᠪᠤᠷᠵᠢᠬᠢᠨ ᠭᠡᠷᠡᠯᠲᠦ ᠪᠠᠰᠠ ᠢᠳᠡᠵᠦ ᠪᠣᠯᠬᠤ ᠮᠤᠩᠭᠤᠯ ᠡᠮ ᠤᠨ ᠤᠷᠭᠤᠮᠠᠯ ᠪᠤᠯᠤᠨ ᠣᠬᠢ ᠰᠢᠯᠢᠳᠡᠭ ᠬᠠᠷ᠎ᠠ ᠴᠠᠢ ᠪᠠᠷ ᠪᠦᠳᠦᠭᠡᠭᠰᠡᠨ ᠬᠤᠣᠵᠤᠤ ᠶᠢᠨ ᠥᠨᠦᠷ ᠲᠠᠢ ︽ᠮᠡᠨᠳᠦ ᠴᠠᠢ︾᠎ ᠶᠢ ᠰᠤᠳᠤᠯᠤᠨ ᠪᠦᠳᠦᠭᠡᠪᠡ᠃ ︽ᠮᠡᠨᠳᠦ ᠴᠠᠢ︾᠎ ᠨᠢ ︽ᠴᠢᠰᠤᠨ ᠤ ᠳᠠᠷᠤᠯᠲᠠ᠂ ᠰᠢᠬᠢᠷ᠂ ᠥᠭᠡᠬᠦ᠂ ᠥᠳᠭᠡᠴᠡ ᠥᠨᠳᠦᠷ︾ ᠵᠡᠷᠭᠡ ᠡᠪᠡᠳᠴᠢᠨ ᠢ ᠡᠮᠨᠡᠨ ᠵᠠᠰᠠᠬᠤ ᠳᠤ ᠮᠠᠰᠢ ᠰᠠᠶᠢᠨ ᠡᠮᠴᠢᠯᠡᠭᠡᠨ ᠤ ᠦᠢᠯᠡᠳᠦᠯ ᠲᠠᠢ ᠪᠣᠯᠬᠤᠷ ᠥᠷᠭᠡᠨ ᠣᠯᠠᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃        ᠥᠩᠭᠡ ᠭᠡᠷᠡᠯ ᠢᠷᠠᠭᠤ ᠠᠯᠳᠠᠷ ᠤᠨ ᠴᠠᠭᠠᠨ᠎ᠠ ᠨᠦᠰᠡᠷ ᠶᠡᠭᠡ ᠬᠦᠴᠦ ᠬᠦᠯᠦᠰᠦ ᠰᠢᠩᠭᠡᠵᠦ ᠪᠠᠶᠢᠳᠠᠭ᠃ 10 ᠢᠯᠡᠬᠦᠦ ᠵᠢᠯ ᠤᠨ ᠳᠤᠷᠰᠢᠳᠠ ᠪᠤᠷᠵᠢᠬᠢᠨ ᠬᠡᠷᠡᠯᠲᠤ ᠪᠤᠯᠤᠨ ᠲᠡᠬᠦᠨ ᠤ ᠠᠵᠢᠯᠯᠠᠬᠤ ᠪᠠᠭ ᠤᠨ ᠬᠢᠨ ᠡᠳᠦᠷ ᠪᠦᠷᠢ ᠪᠠᠷᠤᠭ ᠠᠷᠪᠠᠭᠠᠳ ᠴᠠᠭ ᠠᠵᠢᠯᠯᠠᠬᠤ ᠶᠢ ᠪᠠᠷᠢᠮᠳᠠᠯᠠᠵᠤ᠂ ᠪᠠᠶᠠᠷ ᠳᠤᠷᠠᠰᠬᠠᠯ ᠤᠨ ᠡᠳᠦᠷ ᠴᠤ ᠭᠡᠳ ᠠᠮᠠᠷᠠᠬᠤ ᠦᠭᠡᠢ ᠪᠠᠷ ᠠᠵᠢᠯᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠰᠤᠳᠤᠯᠭᠠᠨ ᠤ ᠠᠵᠢᠯ ᠳᠠᠭᠠᠨ ᠰᠢᠭᠤᠳᠤᠭᠰᠠᠨ ᠪᠠᠶᠢᠳᠠᠭ᠃ ᠲᠡᠳᠡ ᠵᠠᠷᠢᠮ ᠨᠢᠭᠡ ᠲᠤᠷᠰᠢᠯᠲᠠ ᠶᠢ ᠬᠢᠵᠤ ᠲᠠᠭᠤᠰᠬᠠᠬᠤ ᠶᠢᠨ ᠲᠦᠯᠦᠭᠡ ᠡᠳᠦᠷᠵᠢᠨ ᠰᠦᠨᠢᠵᠢᠨ ᠨᠤᠶᠢᠷ ᠬᠤᠭᠤᠯᠠ ᠦᠭᠡᠢ ᠠᠵᠢᠯᠯᠠᠳᠠᠭ᠃ ᠢᠩᠭᠢᠵᠦ ᠰᠢᠷᠭᠠᠭᠤ ᠬᠠᠳᠠᠭᠤᠵᠢᠯᠲᠠᠢ ᠰᠤᠳᠤᠯᠣᠨ ᠰᠢᠨᠵᠢᠯᠡᠵᠦ᠂ ᠴᠦᠬᠦᠷᠡᠯ ᠦᠬᠡᠢ ᠲᠡᠮᠡᠴᠡᠬᠦ ᠵᠣᠷᠢᠭ ᠰᠠᠨᠠᠭ᠎ᠠ ᠪᠠᠶᠢᠭᠰᠠᠨ ᠠᠴᠠ ᠰᠠᠶ᠋ᠢ ᠤᠯᠤᠰ ᠤᠨ ᠲᠤᠳᠤᠭᠠᠳᠤ ᠭᠠᠳᠠᠭᠠᠳᠤ ᠶᠢᠨ ᠮᠡᠷᠭᠡᠵᠢᠯ ᠨᠢᠭᠡᠲᠡᠳ ᠲᠤ ᠬᠦᠯᠢᠶᠡᠨ ᠵᠥᠪᠰᠢᠶᠡᠷᠡᠭᠳᠡᠭᠰᠡᠨ ᠰᠤᠳᠤᠯᠭᠠᠨ ᠤ ᠦᠷ᠎ᠡ ᠪᠦᠳᠦᠭᠡᠯ ᠢ ᠣᠯᠵᠠᠢ᠃ 2009 ᠣᠨ ᠳᠤ ᠪᠣᠷᠵᠢᠬᠢᠨ ᠭᠡᠷᠡᠯᠲᠦ ᠶᠢᠨ ᠰᠤᠳᠤᠯᠭᠠᠨ ᠤ ᠪᠠᠭ ᠤᠨ ᠬᠢᠨ ︽ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠮᠤᠩᠭᠤᠯ ᠡᠮ ᠪᠣᠯᠣᠨ ᠰᠢᠨ᠎ᠡ ᠡᠮ ᠤᠨ ᠰᠤᠳᠤᠯᠭᠠᠨ ᠤ ᠰᠢᠨ᠎ᠡ ᠶᠢ ᠡᠬᠦᠳᠦᠭᠰᠡᠨ ᠪᠠᠭ︾᠎ ᠢᠶᠠᠷ ᠴᠤᠯᠠᠯᠠᠭᠳᠠᠵᠤ᠂ ᠪᠤᠷᠵᠢᠬᠢᠨ ᠬᠡᠷᠡᠯᠲᠦ ᠴᠤ ᠥᠪᠡᠷᠲᠡᠭᠡᠨ ᠵᠠᠰᠠᠬᠤ ᠤᠷᠤᠨ ᠤ ︽321 ᠴᠢᠳᠠᠪᠦᠷᠢᠲᠠᠨ ᠤ ᠢᠨᠵᠧᠨᠧᠷᠢᠩ︾ ᠪᠤᠯᠤᠨ ︽111 ᠴᠢᠳᠠᠪᠦᠷᠢᠲᠠᠨ ᠤ ᠢᠨᠵᠧᠨᠧᠷᠢᠩ︾᠎ ᠤᠨ ᠲᠠᠷᠢᠬᠦᠨ ᠤ ᠲᠠᠪᠬᠤᠷᠭ᠎ᠠ ᠳᠤ ᠰᠤᠩᠭᠤᠭᠳᠠᠨ ᠤᠷᠤᠵᠤ᠂ 2011 ᠣᠨ ᠳᠤ ᠥᠪᠡᠷᠲᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ ᠴᠢᠳᠠᠪᠦᠷᠢᠲᠠᠨ︾᠎ ᠢ ᠬᠦᠮᠦᠵᠢᠬᠦᠯᠬᠦ ᠲᠥᠯᠦᠪᠵᠢᠬᠦᠯᠭᠡ ᠳᠤ ᠰᠤᠩᠭᠤᠭᠳᠠᠪᠠ᠃        ᠪᠣᠷᠵᠢᠬᠢᠨ ᠬᠡᠷᠡᠯᠳᠦ ᠫᠷᠤᠹᠧᠰᠰᠤᠷ ᠤᠨ ᠰᠠᠨᠠᠭᠠᠴᠢᠯᠠᠨ ᠡᠬᠢᠯᠡᠬᠦᠯᠦᠭᠰᠡᠨ ︽ᠣᠯᠠᠨ ᠤᠯᠤᠰ ᠤᠨ ᠮᠤᠩᠭᠤᠯ ᠡᠮ ᠪᠣᠯᠣᠨ ᠰᠢᠨ᠎ᠡ ᠡᠮ ᠤᠨ ᠰᠤᠳᠤᠯᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤᠮᠳᠠᠳᠤ ᠤᠯᠤᠰ᠂ ᠮᠤᠩᠭᠤᠯ ᠤᠯᠤᠰ᠂ ᠤᠷᠤᠰ ᠤᠯᠤᠰ ᠲᠤ 8 ᠤᠳᠠᠭ᠎ᠠ ᠬᠤᠷᠠᠯᠳᠤᠵᠤ᠂ ᠣᠯᠠᠨ ᠤᠯᠤᠰ ᠤᠨ ᠬᠡᠪᠴᠢᠶᠡᠨ ᠳᠤ ᠦᠷᠭᠡᠨ ᠳᠡᠯᠭᠡᠷ ᠨᠦᠯᠦᠭᠡ ᠲᠤᠰᠬᠠᠯ ᠭᠠᠷᠭᠠᠭᠰᠠᠨ ᠪᠠᠶᠢᠨ᠎ᠠ᠃ ᠡᠶᠢᠮᠦ ᠠᠴᠠ ᠤᠯᠤᠰ ᠤᠨ ᠭᠠᠳᠠᠭᠠᠳᠤ ᠶᠢᠨ ᠬᠡᠳᠦᠨ ᠶᠡᠭᠡ ᠰᠤᠷᠭᠠᠭᠤᠯᠢ ᠪᠤᠯᠤᠨ ᠰᠤᠳᠤᠯᠭᠠᠨ ᠤ ᠪᠠᠶᠢᠭᠤᠯᠭ᠎ᠠ ᠨᠤᠭᠤᠳ ᠪᠣᠷᠵᠢᠬᠢᠨ ᠭᠡᠷᠡᠯᠲᠤ ᠳᠤ ᠠᠯᠳᠠᠷ ᠬᠦᠨᠳᠦᠳᠦ ᠳ᠋ᠣᠺᠲ᠋ᠣᠷ ᠪᠠ ᠨᠡᠷ᠎ᠡ ᠬᠦᠨᠳᠦᠳᠦ ᠫᠷᠤᠹᠧᠰᠰᠤᠷ ᠤᠨ ᠴᠣᠯᠠ ᠣᠯᠭᠤᠵᠤ᠂ 2010 ᠣᠨ ᠳᠤ ᠪᠠᠰᠠ ᠮᠤᠩᠭᠤᠯ ᠤᠯᠤᠰ ᠤᠨ ᠵᠠᠰᠠᠭ ᠤᠨ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠳᠤᠷᠠᠯᠴᠠᠭᠠᠨ ᠤ ᠬᠠᠮᠤᠭ ᠲᠡᠭᠡᠳᠦ ᠱᠠᠩᠨᠠᠯ ᠢ ᠬᠦᠷᠲᠡᠪᠡ᠃        ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠤᠬᠠᠭᠠᠨ ᠤ ᠤᠤᠭᠠᠨ ᠳ᠋ᠣᠺᠲ᠋ᠣᠷ ᠵᠢᠴᠢ ᠬᠢᠮᠢ ᠶᠢᠨ ᠤᠬᠠᠭᠠᠨ ᠤ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠪᠤᠯᠤᠭᠰᠠᠨ ᠤ ᠬᠤᠪᠢ ᠳᠤ ᠲᠡᠷᠡ ᠭᠠᠵᠠᠷ ᠣᠷᠤᠨ ᠤ ᠣᠨᠴᠠᠯᠢᠭ᠂ ᠦᠨᠳᠦᠰᠦᠳᠡᠨ ᠤ ᠣᠨᠴᠠᠯᠢᠭ ᠪᠦᠬᠦᠢ ︽ᠮᠤᠩᠭᠤᠯ ᠡᠮ ᠤᠨ ᠬᠢᠮᠢ ᠶᠢᠨ ᠰᠢᠨᠵᠢᠯᠡᠭᠡᠨ ᠤ ᠰᠠᠯᠪᠤᠷᠢ︾᠎ ᠶᠢ ᠢᠳᠡᠪᠬᠢᠳᠡᠢ ᠪᠠᠷ ᠵᠤᠬᠢᠶᠠᠨ ᠪᠠᠶᠢᠭᠤᠯᠵᠤ᠂ ᠥᠪᠦᠷ ᠮᠤᠩᠭᠤᠯ ᠤᠨ ᠶᠡᠭᠡ ᠰᠤᠷᠭᠠᠭᠤᠯᠢ ᠳᠤ ᠤᠷᠭᠤᠮᠠᠯ ᠤᠨ ᠤᠬᠠᠭᠠᠨ ᠤ ᠳ᠋ᠣᠺᠲ᠋ᠣᠷᠠᠨᠲ ᠬᠦᠮᠦᠵᠢᠬᠦᠯᠬᠦ ᠴᠡᠭ ᠤᠨ ᠡᠷᠬᠡ ᠪᠤᠯᠤᠨ ᠬᠢᠮᠢ ᠶᠢᠨ ᠰᠢᠨᠵᠢᠯᠡᠭᠡᠨ ᠤ ᠰᠠᠯᠪᠤᠷᠢ ᠶᠢᠨ ᠳ᠋ᠣᠺᠲ᠋ᠣᠷᠠᠨᠲ ᠬᠦᠮᠦᠵᠢᠬᠦᠯᠬᠦ ᠴᠡᠭ ᠤᠨ ᠡᠷᠬᠡ ᠶᠢ ᠣᠯᠬᠤ ᠳᠤ ᠯᠣᠲᠣ ᠶᠡᠭᠡ ᠬᠤᠪᠢ ᠨᠡᠮᠡᠷᠢ ᠦᠵᠡᠬᠦᠯᠪᠡ᠃ ᠪᠤᠷᠵᠢᠬᠢᠨ ᠭᠡᠷᠡᠯᠲᠦ ᠶᠢᠨ ᠬᠦᠮᠦᠵᠢᠬᠦᠯᠦᠭᠰᠡᠨ 80 ᠢᠯᠡᠬᠦᠦ ᠳ᠋ᠣᠺᠲ᠋ᠣᠷ ᠠᠰᠫᠢᠷᠠᠨᠲ ᠨᠠᠷ ᠤᠷᠳᠤ ᠨᠢᠭᠡᠨᠲᠡ ᠶᠡᠭᠡ ᠰᠤᠷᠭᠠᠭᠤᠯᠢ ᠶᠢᠨ ᠪᠠᠭᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠤᠯᠯᠠᠭᠴᠢ ᠬᠦᠴᠦᠨ ᠢᠶᠠᠷ ᠠᠵᠢᠯᠯᠠᠵᠤ᠂ ᠪᠠᠰᠠ ᠵᠠᠷᠢᠮ ᠨᠢ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠪᠠᠷ ᠭᠠᠷᠮᠠᠭᠠᠶᠢᠯᠠᠨ ᠠᠵᠢᠯᠯᠠᠵᠤ ᠪᠠᠶᠢᠨ᠎ᠠ᠃        ᠪᠤᠷᠵᠢᠬᠢᠨ ᠭᠡᠷᠡᠯᠲᠦ ᠣᠷᠴᠢᠨ ᠲᠤᠭᠤᠷᠢᠨ ᠤ ᠪᠠᠭᠰᠢ ᠰᠤᠷᠤᠭᠴᠢᠳ ᠲᠠᠭᠠᠨ ︽ᠠᠵᠢᠯ ᠤᠨ ᠬᠡᠶᠢᠷᠭᠡᠯ ᠲᠠᠢ︾ ᠬᠡᠮᠡᠭᠳᠡᠳᠡᠭ᠃ 7 ᠰᠠᠷ᠎ᠠ ᠳᠤ ᠥᠪᠦᠷ ᠮᠤᠩᠭᠤᠯ ᠤᠨ ᠶᠡᠭᠡ ᠰᠤᠷᠭᠠᠭᠤᠯᠢ ᠨᠢᠭᠡᠨᠲᠡ ᠵᠤᠨ ᠤ ᠠᠮᠠᠷᠠᠯᠲᠠ ᠪᠠᠨ ᠲᠠᠯᠪᠢᠭᠰᠠᠨ ᠪᠠᠶᠢᠲᠠᠯ᠎ᠠ ᠲᠡᠷᠡ ᠮᠦᠨ ᠯᠠ ᠠᠯᠪᠠᠨ ᠭᠡᠷ ᠲᠡᠭᠡᠨ ᠶᠠᠭᠠᠷᠠᠭᠰᠠᠭᠠᠷ᠂ ᠲᠡᠷᠡ ᠪᠢᠳᠡᠨ ᠳᠤ ︽ᠶᠠᠭᠠᠬᠢᠭᠰᠠᠨ ᠴᠤ ᠬᠢᠳᠡᠯ ᠠᠯᠳᠠᠵᠤ ᠪᠣᠯᠬᠤ ᠦᠬᠡᠢ᠂ ᠲᠡᠷᠡ ᠨᠢ ᠠᠮᠢ ᠨᠠᠰᠤ ᠶᠢ ᠲᠠᠯᠠᠭᠠᠷ ᠦᠩᠭᠡᠷᠡᠬᠦᠯᠵᠦ ᠪᠠᠶᠢᠭ᠎ᠠ ᠶᠠᠪᠤᠳᠠᠯ︾ ᠭᠡᠵᠤ ᠶᠠᠷᠢᠵᠤ ᠪᠠᠶᠢᠪᠠ᠃        ᠪᠤᠷᠵᠢᠬᠢᠨ ᠭᠡᠷᠡᠯᠲᠦ ᠫᠷᠤᠹᠧᠰᠰᠤᠷ ᠡᠩᠭᠡᠷ ᠲᠦᠭᠦᠷᠡᠩ ᠠᠯᠲᠠᠨ ᠲᠢᠲᠢᠮ ᠵᠡᠬᠦᠭᠰᠡᠨ ᠪᠠᠶᠢᠵᠤ᠂ ᠤᠳᠣ ᠶᠠᠭᠤ ᠴᠤ ᠬᠦᠰᠡᠬᠦ ᠦᠭᠡᠢ ᠪᠠᠶᠢᠵᠤ ᠪᠣᠯᠬᠤ ᠶᠤᠮ᠂ ᠭᠡᠪᠡᠴᠦ ᠲᠡᠷᠡ ᠦᠪᠡᠷ ᠤᠨ ᠬᠠᠶᠢᠷᠠᠲᠠᠢ ᠲᠤᠷᠠᠳᠠᠢ ᠠᠵᠢᠯ ᠦᠢᠯᠡᠰ ᠤᠨ ᠢᠶᠠᠨ ᠲᠥᠯᠦᠭᠡ ᠠᠯᠵᠢᠶᠠᠯ ᠵᠦᠳᠡᠷᠡᠯ ᠢ ᠬᠠᠶᠢᠬᠤᠷᠠᠯ ᠦᠭᠡᠢ ᠵᠠᠶᠢᠯᠤᠭᠤᠯ ᠰᠤᠩᠭᠠᠨ ᠬᠠᠳᠠᠷᠢᠭᠤᠯᠤᠭᠰᠠᠭᠠᠷ᠂ ᠲᠡᠬᠦᠨ ᠤ ᠠᠷᠢᠭᠤᠨ ᠬᠦᠯᠦᠰᠦ ᠪᠠᠷ ᠤᠮᠳᠠᠯᠠᠭᠳᠠᠭᠰᠠᠨ ᠠᠩᠬᠢᠯᠤᠮ᠎ᠠ ᠴᠡᠴᠡᠭ ᠠᠭᠤᠳᠠᠮ ᠬᠡᠭᠡᠷ᠎ᠡ ᠶᠢ ᠪᠦᠬᠦᠨ ᠪᠠᠳᠠᠷᠠᠨ ᠳᠡᠯᠭᠡᠷᠡᠭᠰᠡᠭᠡᠷ᠃
 
ᠢᠷᠡᠯᠲᠡ᠄ ᠥᠪᠦᠷ ᠮᠤᠩᠭᠤᠯ ᠤᠨ ᠵᠢᠷᠤᠭᠲᠤ ᠰᠡᠳᠬᠦᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号