ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/1/11
                            ᠠᠯᠪᠠᠨ  ᠵᠠᠷᠯᠠᠯ                           ︵ᠨᠢᠭᠡᠳᠦᠭᠡᠷ ᠲᠤᠭᠠᠳᠤ︶        ᠣᠶᠢᠷ᠎ᠠ ᠳᠤ᠂ ᠣᠯᠠᠨ ᠮᠤᠵᠢ ᠬᠤᠲᠠ ᠳᠤ ᠵᠠᠯᠭᠠᠪᠡᠷ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠲᠤᠬᠠᠢ ᠶᠢᠨ ᠭᠠᠵᠠᠷ ᠤᠨ ᠡᠪᠡᠳᠴᠢᠲᠡᠨ ᠤ ᠵᠢᠱᠢᠶ᠎ᠡ ᠢᠯᠡᠷᠡᠵᠦ᠂ ᠡᠾᠧᠪᠸᠢ ᠮᠣᠵᠢ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ ᠠᠴᠠ ᠱᠢ ᠵᠢᠶᠠ ᠵᠤᠸᠠᠩ ᠬᠤᠲᠠ ᠶᠢᠨ ᠭᠤᠤ ᠴᠧᠩ ᠲᠤᠭᠤᠷᠢᠭ ᠤᠨ ᠽᠧᠩ ᠼᠦᠨ ᠪᠠᠯᠭᠠᠰᠤᠨ ᠤ ᠰᠢᠶᠣᠣ ᠬᠦᠸᠧ ᠵᠤᠸᠠᠩ ᠲᠤᠰᠬᠤᠨ ᠢ ᠬᠢᠵᠢᠭ ᠤᠨ ᠪᠠᠶᠢᠳᠠᠯ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ  ᠢᠶᠠᠷ ᠲᠤᠭᠲᠠᠭᠠᠪᠠ᠃ ᠤᠳᠤᠬᠠᠨ ᠳᠤ᠂ ᠪᠦᠬᠦ ᠣᠯᠤᠰ ᠲᠤ ᠬᠢᠵᠢᠭ ᠤᠨ ᠪᠠᠶᠢᠳᠠᠯ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ 1᠂ ᠬᠢᠵᠢᠭ ᠤᠨ ᠪᠠᠶᠢᠳᠠᠯ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ 49 ᠪᠣᠯᠵᠤ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠡᠯᠢᠶᠡᠳ ᠬᠦᠨᠳᠦ ᠨᠤᠴᠢᠲᠠᠢ ᠪᠠᠶᠢᠵᠤ᠂ ᠢᠯᠠᠩᠭᠤᠶ᠎ᠠ ᠥᠨᠦ ᠡᠪᠦᠯ ᠪᠠ ᠢᠷᠡᠬᠦ ᠬᠠᠪᠤᠷ ᠨᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠠᠩᠭᠢᠯᠠᠭ᠎ᠠ ᠶᠢᠨ ᠦᠶ᠎ᠡ ᠪᠣᠯᠣᠨ᠎ᠠ᠃ ᠶᠡᠭᠡ ᠲᠡᠭᠡᠳᠦ ᠰᠤᠷᠭᠠᠭᠤᠯᠢ ᠡᠪᠦᠯ ᠤᠨ ᠠᠮᠠᠷᠠᠯᠲᠠ ᠲᠠᠯᠪᠢᠵᠤ ᠪᠠᠶᠢᠬᠤ ᠪᠠ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠬᠦᠮᠦᠨ ᠤ ᠤᠷᠤᠰᠬᠠᠯ ᠨᠡᠮᠡᠭᠳᠡᠨ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠰᠢᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠢᠷᠲᠡᠯ ᠠᠪᠴᠢᠷᠠᠭᠰᠠᠨ ᠪᠠᠶᠢᠨ᠎ᠠ᠃ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠨ᠂ ᠲᠤᠳᠤᠭᠠᠳᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠡᠯ᠎ᠡ ᠲᠥᠷᠦᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠤᠪᠴᠢᠲᠠᠢ ᠬᠢᠵᠤ᠂ ᠦᠷᠭᠡᠨ ᠣᠯᠠᠨ ᠲᠥᠮᠡᠨ ᠤ ᠠᠮᠢ ᠨᠠᠰᠤ ᠡᠷᠡᠬᠦᠯ ᠮᠡᠨᠳᠦ ᠶᠢᠨ ᠠᠮᠤᠷ ᠲᠥᠪᠰᠢᠨ ᠢ ᠦᠨᠡᠨᠬᠦ ᠪᠠᠳᠤᠯᠠᠬᠤ ᠶᠢᠨ ᠲᠤᠯᠠᠳᠠ᠂ ᠲᠤᠤᠷᠠᠬᠢ ᠬᠠᠮᠢᠶ᠎ᠠ ᠪᠦᠬᠦᠢ ᠵᠦᠢᠯᠡᠰ ᠢ ᠵᠠᠷᠯᠠᠪᠠ᠃        ᠨᠢᠭᠡ᠂ ᠬᠤᠰᠢᠭᠤᠨ ᠳᠤ ᠪᠤᠴᠠᠵᠤ ᠢᠷᠡᠭᠰᠡᠨ ᠬᠦᠮᠦᠰ ︵ᠡᠬᠦᠨ ᠳᠤ ᠠᠶᠢᠮᠠᠭ ᠤᠨ ᠭᠠᠳᠠᠨᠠᠬᠢ ᠡᠯ᠎ᠡ ᠳᠤᠮᠳᠠᠳᠤ ᠲᠡᠭᠡᠳᠦ ᠰᠤᠷᠭᠠᠭᠤᠯᠢ ᠠᠴᠠ ᠨᠣᠲᠤᠭ ᠲᠠᠭᠠᠨ ᠪᠤᠴᠠᠵᠤ ᠢᠷᠡᠭᠰᠡᠨ ᠰᠤᠷᠤᠭᠴᠢᠳ ᠢ ᠪᠠᠭᠲᠠᠭᠠᠨ᠎ᠠ︶ ᠨᠢ ᠡᠷᠬᠡᠪᠰᠢ ᠰᠠᠨᠠᠭᠠᠴᠢᠯᠠᠭ᠎ᠠ ᠠᠴᠠ ᠪᠠᠨ ᠦᠪᠡᠷ ᠤᠨ ᠬᠠᠷᠢᠶ᠎ᠠ ᠰᠣᠮᠣ ᠪᠠᠯᠭᠠᠰᠤ᠂ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ᠂ ᠬᠤᠨᠤᠬᠤ ᠪᠠᠭᠤᠳᠠᠯ ᠳᠠᠭᠠᠨ ᠤᠷᠢᠳᠴᠢᠯᠠᠨ ᠮᠡᠳᠡᠬᠦᠯᠵᠦ ᠲᠠᠩᠰᠠᠯᠠᠭᠤᠯᠬᠤ ᠬᠡᠷᠡᠭᠳᠡᠢ᠃        ᠬᠤᠶᠠᠷ᠂ ᠬᠢᠵᠢᠭ ᠤᠨ ᠪᠠᠶᠢᠳᠠᠯ ᠲᠤᠤᠷ᠎ᠠ ᠲᠡᠰ ᠤᠨ ᠲᠦᠭᠰᠢᠬᠦᠷᠢᠲᠦ ᠭᠠᠵᠠᠷ ᠤᠷᠤᠨ ᠠᠴᠠ ᠮᠠᠨ ᠤᠨ ᠬᠤᠰᠢᠭᠤᠨ ᠳᠤ ᠢᠷᠡᠭᠰᠡᠨ ᠬᠦᠮᠦᠰ ᠨᠢ ᠡᠷᠡᠬᠦᠯ ᠮᠡᠨᠳᠦ ᠶᠢᠨ ᠨᠤᠭᠤᠭᠠᠨ ᠦᠩᠭᠡᠲᠦ ᠺᠣᠳ᠋ ᠲᠠᠢ ᠪᠣᠯ᠂ ᠪᠡᠶ᠎ᠡ ᠶᠢᠨ ᠬᠠᠯᠠᠭᠤᠨ ᠬᠡᠪ ᠤᠨ ᠪᠠᠶᠢᠬᠤ ᠪᠠᠶᠢᠳᠠᠯ ᠳᠤᠤᠷ᠎ᠠ ᠴᠢᠯᠦᠭᠡᠳᠡᠢ ᠨᠠᠭᠠᠰᠢ ᠴᠠᠭᠠᠰᠢ ᠵᠤᠷᠴᠢᠵᠤ ᠪᠤᠯᠤᠨ᠎ᠠ        ᠭᠤᠷᠪᠠ᠂ ᠬᠢᠵᠢᠭ ᠤᠨ ᠪᠠᠶᠢᠳᠠᠯ ᠳᠣᠮᠳᠠ ᠲᠡᠰ ᠤᠨ ᠲᠥᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠨᠢ ᠡᠷᠬᠡᠪᠰᠢ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠪᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭᠰᠠᠨ ᠭᠡᠷᠡᠴᠢ ᠪᠠᠶᠢᠬᠤ ᠬᠡᠷᠡᠭᠳᠡᠢ ᠪᠦᠭᠡᠳ ᠪᠡᠶ᠎ᠡ ᠶᠢᠨ ᠬᠠᠯᠠᠭᠤᠨ ᠬᠡᠪ ᠤᠨ ᠪᠠᠶᠢᠬᠤ ᠪᠠᠶᠢᠳᠠᠯ ᠲᠤᠤᠷ᠎ᠠ ᠴᠢᠯᠦᠭᠡᠳᠡᠢ ᠨᠠᠭᠠᠰᠢ ᠴᠠᠭᠠᠰᠢ ᠵᠤᠷᠴᠢᠵᠤ ᠪᠤᠯᠤᠨ᠎ᠠ︔ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠶᠢ ᠬᠠᠩᠭᠠᠵᠤ ᠴᠢᠳᠠᠬᠤ ᠪᠣᠯᠪᠠᠴᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭ᠎ᠠ ᠦᠭᠡᠢ ᠪᠣᠶᠣ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠴᠢᠳᠠᠬᠤ ᠦᠭᠡᠢ ᠪᠣᠯᠪᠠᠴᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭᠰᠠᠨ ᠬᠦᠮᠦᠰ ᠨᠢ ᠡᠷᠬᠡᠪᠰᠢ 7 ᠡᠳᠦᠷ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ 14 ᠡᠳᠦᠷ ᠡᠷᠡᠬᠦᠯ ᠮᠡᠨᠳᠦ ᠶᠢᠨ ᠬᠢᠨᠡᠨ ᠬᠡᠮᠵᠢᠯᠲᠡ ᠬᠢᠵᠤ᠂ ᠪᠦᠬᠡᠮ ᠬᠦᠴᠢᠯ ᠤᠨ ᠪᠠᠶᠢᠴᠠᠭᠠᠯᠲᠠ ᠬᠢᠭᠡ ᠦᠭᠡᠢ ᠬᠦᠮᠦᠰ ᠨᠢ ᠡᠷᠬᠡᠪᠰᠢ ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠳᠡᠢ︔ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠶᠢ ᠬᠠᠩᠭᠠᠵᠤ ᠴᠢᠳᠠᠬᠤ ᠦᠬᠡᠢ ᠮᠦᠷᠲᠡᠭᠡᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭ᠎ᠠ ᠦᠭᠡᠢ ᠬᠦᠮᠦᠰ ᠢ ᠲᠠᠷᠤᠶᠢᠬᠠᠨ ᠲᠥᠪᠯᠡᠷᠡᠬᠦᠯᠦᠨ ᠲᠤᠰᠠᠭᠠᠷᠯᠠᠵᠤ᠂ ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠳᠡᠢ᠃ ᠬᠡᠷᠪᠡ ᠪᠠᠶᠢᠴᠠᠭᠠᠯᠲᠠ ᠶᠢᠨ ᠳ᠋ᠦᠩ ᠳᠤ ᠪᠢᠯᠢᠭ ᠴᠢᠨᠠᠷ ᠢᠯᠡᠷᠡᠪᠡᠯ᠂ 7 ᠡᠳᠦᠷ ᠭᠡᠷ ᠲᠡᠭᠡᠨ ᠳᠤᠰᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ 14 ᠡᠳᠦᠷ ᠡᠷᠡᠬᠦᠯ ᠮᠡᠨᠳᠦ ᠶᠢᠨ ᠬᠢᠨᠡᠨ ᠬᠡᠮᠵᠢᠯᠲᠡ ᠬᠢᠵᠤ᠂ ᠠᠷᠭ᠎ᠠ ᠴᠢᠨᠠᠷ ᠢᠯᠡᠷᠡᠪᠡᠯ ᠬᠠᠮᠢᠶ᠎ᠠ ᠪᠦᠬᠦᠢ ᠱᠠᠠᠭᠠᠷᠳᠠᠯᠭ᠎ᠠ ᠶᠤᠰᠤᠭᠠᠷ ᠲᠠᠷᠤᠶᠢᠬᠠᠨ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠭᠡᠵᠦ ᠲᠤᠰᠠᠭᠠᠷᠯᠠᠨ ᠡᠮᠴᠢᠯᠡᠬᠦ ᠬᠡᠷᠡᠭᠳᠡᠢ᠃ ᠲᠡᠭᠡᠷᠡᠬᠢ ᠬᠦᠮᠦᠰ ᠨᠢ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠲᠠᠬᠤ ᠵᠡᠷᠭᠡ ᠢᠯᠡᠷᠡᠯ ᠭᠠᠷᠪᠠᠯ᠂ ᠲᠠᠷᠤᠶᠢᠬᠠᠨ ᠠᠮᠠᠪᠴᠢ ᠵᠡᠬᠦᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠪᠠᠶᠢᠴᠠᠭᠠᠯᠭᠠᠬᠤ ᠪᠠ ᠤᠨᠤᠰᠢᠯᠠᠨ ᠡᠮᠴᠢᠯᠡᠬᠦᠯᠵᠦ᠂ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠵᠦ ᠪᠣᠯᠬᠤ ᠦᠭᠡᠢ᠃ ᠲᠥᠪᠯᠡᠷᠡᠬᠦᠯᠦᠨ ᠲᠤᠰᠠᠭᠠᠷᠯᠠᠬᠤ ᠬᠤᠭᠤᠴᠠᠭᠠᠨ ᠳᠠᠬᠢ ᠵᠠᠷᠤᠳᠠᠯ ᠢ ᠦᠪᠡᠷᠲᠡᠭᠡᠨ ᠬᠠᠷᠢᠭᠤᠴᠠᠨ᠎ᠠ᠃        ᠲᠥᠷᠪᠡ᠂ ᠥᠷᠭᠡᠨ ᠣᠯᠠᠨ ᠲᠦᠮᠡᠨ ᠭᠠᠳᠠᠭᠰᠢ ᠭᠠᠷᠬᠤ ᠪᠠᠨ ᠠᠯᠢ ᠴᠢᠳᠠᠬᠤ ᠪᠠᠷ ᠪᠠᠭᠠᠰᠬᠠᠵᠤ᠂ ᠬᠢᠵᠢᠭ ᠤᠨ ᠪᠠᠶᠢᠳᠠᠯ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠤᠷᠤᠨ ᠳᠤ ᠣᠴᠢᠬᠤ ᠠᠴᠠ ᠵᠠᠶᠢᠯᠠᠰᠬᠢᠨ᠎ᠠ᠃ ᠬᠡᠷᠪᠡ ᠣᠨᠴᠠᠭᠠᠢ ᠤᠴᠢᠷ ᠰᠢᠯᠳᠠᠭᠠᠨ ᠠᠴᠠ ᠣᠴᠢᠬᠤ ᠴᠢᠬᠤᠯᠠᠲᠠᠢ ᠪᠣᠯ᠂ ᠶᠠᠪᠤᠬᠤ ᠠᠴᠠ ᠡᠮᠦᠨ᠎ᠡ ᠦᠪᠡᠷ ᠤᠨ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ ᠲᠤ ᠳᠠᠩᠰᠠᠯᠠᠭᠤᠯᠤᠨ᠂ ᠪᠠᠶᠢᠭᠤᠯᠭ᠎ᠠ ᠨᠢᠭᠡᠴᠡ ᠳᠡᠭᠡᠨ ᠮᠡᠳᠡᠭᠳᠡᠬᠦ ᠬᠡᠷᠡᠭᠳᠡᠢ᠃ ᠪᠤᠴᠠᠵᠤ ᠢᠷᠡᠮᠡᠭᠴᠡ ᠰᠠᠨᠠᠭᠠᠴᠢᠯᠠᠭ᠎ᠠ ᠠᠴᠠ ᠪᠠᠨ ᠪᠤᠴᠠᠵᠤ ᠢᠷᠡᠭᠰᠡᠨ ᠢᠶᠠᠨ ᠮᠡᠳᠡᠭᠳᠡᠵᠦ᠂ ᠪᠦᠭᠡᠮ ᠬᠦᠴᠢᠯ  ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠭᠤᠯᠬᠤ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠵᠦ᠂ ᠦᠷᠬᠦᠯᠵᠢ ᠪᠡᠶ᠎ᠡ ᠳᠡᠭᠡᠨ ᠠᠮᠠᠪᠴᠢ ᠠᠪᠬᠤ ᠶᠠᠪᠤᠬᠤ ᠰᠠᠶᠢᠨ ᠰᠠᠶᠢᠬᠠᠨ ᠲᠠᠳᠬᠠᠯ ᠢ ᠪᠣᠢ ᠪᠤᠯᠭᠠᠨ᠂ ᠤᠨᠴᠠᠭᠠᠶᠢᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ᠂ ᠴᠠᠬᠢᠯᠭᠠᠨ ᠱᠠᠳᠤ ᠵᠡᠷᠭᠡ ᠪᠢᠳᠡᠬᠦᠦ ᠤᠷᠤᠨ ᠵᠠᠢ ᠲᠠᠢ ᠭᠠᠵᠠᠷ ᠲᠤ ᠣᠷᠤᠬᠤ ᠳᠠᠭᠠᠨ ᠡᠷᠬᠡᠪᠰᠢ ᠠᠮᠠᠪᠴᠢ ᠵᠡᠬᠦᠨ᠎ᠡ︔ ᠨᠡᠶᠢᠭᠡᠮ ᠤᠨ ᠬᠠᠷᠢᠯᠴᠠᠭᠠᠨ ᠤ ᠠᠮᠤᠷ ᠲᠥᠪᠰᠢᠨ ᠣᠷᠤᠨ ᠵᠠᠢ ᠶᠢ ᠪᠠᠳᠤᠯᠠᠵᠤ᠂ ᠬᠦᠮᠦᠨ ᠣᠯᠠᠨ ᠴᠤᠭᠯᠠᠷᠠᠭᠰᠠᠨ ᠲᠠᠯᠠᠪᠤᠷ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠦᠶᠡᠰ ᠪᠤᠰᠤᠳ ᠬᠦᠮᠦᠰ ᠲᠠᠢ ᠨᠢᠭᠡ ᠮᠧᠲᠷ ᠠᠴᠠ ᠲᠡᠭᠡᠭᠰᠢᠬᠢ ᠠᠮᠤᠷ ᠲᠥᠪᠰᠢᠨ ᠤ ᠵᠠᠢ ᠲᠠᠢ ᠪᠠᠶᠢᠬᠤ ᠶᠢ ᠠᠩᠬᠠᠷᠴᠤ᠂ ᠡᠮᠬᠢ ᠲᠠᠷᠠᠭᠠᠯᠠᠯ ᠲᠠᠢ ᠮᠦᠷᠯᠡᠨ ᠬᠦᠯᠢᠶᠡᠨ᠎ᠡ︔ ᠬᠤᠪᠢ ᠬᠦᠮᠦᠨ ᠤ ᠡᠷᠡᠬᠦᠯ ᠬᠠᠮᠠᠭᠠᠯᠠᠯ ᠢ ᠰᠠᠶᠢᠲᠤᠷ ᠠᠩᠬᠠᠷᠴᠤ᠂ ᠦᠷᠬᠦᠯᠵᠢ ᠭᠠᠷ ᠢᠶᠠᠨ ᠤᠬᠢᠶᠠᠨ᠂ ᠣᠯᠠᠨ ᠨᠡᠶᠢᠲᠡ ᠶᠢᠨ ᠲᠠᠯᠠᠪᠤᠷ ᠤᠨ ᠨᠡᠶᠢᠲᠡ ᠶᠢᠨ ᠬᠡᠷᠡᠭᠯᠡᠭᠡᠨ ᠤ ᠪᠤᠳᠠᠰ ᠲᠠᠢ ᠠᠯᠢ ᠴᠢᠳᠠᠬᠤ ᠪᠠᠷ ᠬᠦᠷᠦᠯᠴᠡᠬᠦ ᠦᠬᠡᠢ ᠪᠠᠶᠢᠵᠤ᠂ ᠬᠠᠨᠢᠶᠠᠬᠤ᠂ ᠨᠠᠶᠢᠲᠠᠭᠠᠬᠤ ᠦᠶᠡᠰ ᠲᠤ ᠬᠠᠨᠴᠤᠢ ᠪᠤᠶᠤ ᠴᠠᠭᠠᠰᠤ ᠪᠠᠷ ᠠᠮᠠ ᠪᠠᠨ ᠲᠠᠭᠯᠠᠨ᠎ᠠ︔ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠳᠠᠬᠤ ᠶᠢᠨ ᠳᠤᠳᠤᠷ᠎ᠠ ᠪᠠᠭᠠᠰᠬᠠᠨ᠂ ᠬᠡᠷ ᠪᠦᠯᠢ ᠶᠢᠨ ᠨᠠᠶᠢᠷ ᠴᠤᠭᠯᠠᠭᠠᠨ ᠢ 10 ᠬᠦᠮᠦᠨ ᠤ ᠳᠤᠳᠤᠷ᠎ᠠ ᠬᠢᠵᠠᠭᠠᠷᠯᠠᠬᠤ ᠶᠢ ᠤᠷᠢᠶᠠᠯᠠᠨ᠎ᠠ᠃        ᠲᠠᠪᠤ᠂ ᠬᠢᠵᠢᠭ ᠤᠨ ᠪᠠᠶᠢᠳᠠᠯ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠨᠢ ᠡᠷᠬᠡᠪᠰᠢ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠪᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭᠰᠠᠨ ᠭᠡᠷᠡᠴᠢ ᠪᠠᠶᠢᠬᠤ ᠬᠡᠷᠡᠭᠳᠡᠢ ᠪᠦᠭᠡᠳ 7 ᠡᠳᠦᠷ ᠭᠡᠷ ᠲᠡᠭᠡᠨ ᠳᠤᠰᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ 14 ᠡᠳᠦᠷ ᠡᠷᠡᠬᠦᠯ ᠮᠡᠨᠳᠦ ᠶᠢᠨ ᠬᠢᠨᠡᠨ ᠬᠡᠮᠵᠢᠯᠲᠡ ᠬᠢᠬᠦ ᠬᠡᠷᠡᠭᠳᠡᠢ︔ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠬᠠᠩᠭᠠᠵᠤ ᠴᠢᠳᠠᠬᠤ ᠪᠣᠯᠪᠠᠴᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭ᠎ᠠ ᠦᠭᠡᠢ ᠪᠣᠶᠣ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠴᠢᠳᠠᠬᠤ ᠦᠭᠡᠢ ᠪᠣᠯᠪᠠᠴᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭᠰᠠᠨ ᠬᠦᠮᠦᠰ ᠲᠤ ︽7 ᠡᠳᠦᠷ ᠲᠥᠪᠯᠡᠷᠡᠬᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠡᠭᠡᠨ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠲᠠ ᠬᠢᠬᠦ︾ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ︔ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠶᠢ ᠬᠠᠩᠭᠠᠬᠤ ᠴᠢᠳᠠᠬᠤ ᠦᠭᠡᠢ ᠮᠦᠷᠲᠡᠭᠡᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠲᠠᠷᠢᠭ᠎ᠠ ᠦᠭᠡᠢ ᠪᠣᠯ ︽14 ᠡᠳᠦᠷ ᠲᠥᠪᠯᠡᠷᠡᠬᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 14 ᠡᠳᠦᠷ ᠭᠡᠷ ᠲᠡᠭᠡᠨ ᠳᠤᠰᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠣᠳᠠᠭᠠᠨ ᠤ ᠪᠦᠬᠡᠮ ᠬᠦᠴᠢᠯ ᠤᠨ ᠪᠠᠶᠢᠴᠠᠭᠠᠯᠲᠠ ᠬᠢᠬᠦ + 1 ᠤᠳᠠᠭᠠᠨ ᠤ ᠴᠢᠰᠦᠨ ᠴᠡᠶᠢᠪᠡᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ ᠬᠢᠬᠦ︾ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃ ᠲᠥᠪᠯᠡᠷᠡᠬᠦᠯᠦᠨ ᠲᠤᠰᠠᠭᠠᠷᠯᠠᠬᠤ ᠬᠤᠭᠤᠴᠠᠭᠠᠨ ᠳᠠᠬᠢ ᠵᠠᠷᠤᠳᠠᠯ ᠢ ᠦᠪᠡᠷᠲᠡᠭᠡᠨ ᠬᠠᠷᠢᠭᠤᠴᠠᠨ᠎ᠠ᠃        ᠵᠢᠷᠭᠤᠭ᠎ᠠ᠂ ᠥᠷᠭᠡᠨ ᠣᠯᠠᠨ ᠲᠦᠮᠡᠨ ᠠᠴᠠ ᠬᠢᠵᠢᠭ ᠤᠨ ᠪᠠᠶᠢᠳᠠᠯ ᠳᠤᠮᠳᠠ᠂ ᠦᠨᠳᠦᠷ ᠲᠡᠰ ᠤᠨ ᠲᠦᠭᠰᠢᠬᠦᠷᠢᠲᠦ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠵᠢᠴᠢ ᠬᠢᠯᠢ ᠶᠢᠨ ᠭᠠᠳᠠᠨ᠎ᠠ ᠠᠶᠠᠯᠠᠨ ᠰᠠᠭᠤᠷᠢᠰᠢᠭᠰᠠᠨ ᠦᠩᠭᠡᠷᠡᠯᠲᠡ ᠲᠠᠢ ᠬᠤᠰᠢᠭᠤᠨ ᠳᠤ ᠢᠷᠡᠭᠰᠡᠨ ᠬᠦᠮᠦᠰ ᠤᠨ ᠰᠦᠪᠡᠭᠴᠢ ᠶᠢ ᠣᠯᠵᠤ ᠮᠡᠳᠡᠪᠡᠯ᠂ ᠲᠠᠷᠤᠶᠢᠬᠠᠨ ᠬᠤᠰᠢᠭᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠪᠠᠶᠢᠳᠠᠯ ᠢ ᠲᠤᠰᠬᠠᠬᠤ ᠬᠡᠷᠡᠭᠳᠡᠢ ︵ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠵᠢᠯᠣᠭᠤᠳᠬᠤ ᠲᠥᠪ᠄ 110᠂ 6224814︔ ᠰᠢᠨᠡᠪᠤᠯᠠᠭ ᠪᠠᠯᠭᠠᠰᠤᠨ ᠤ ᠲᠣᠮᠢᠯᠠᠭᠰᠠᠨ ᠰᠠᠯᠪᠤᠷᠢ᠄ 6222221︔ ᠪᠠᠶᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ᠄ 13947910948︔ ᠣᠩᠭᠤᠨ ᠠᠭᠤᠯᠠ ᠰᠣᠮᠣᠨ ᠤ ᠲᠣᠮᠢᠯᠠᠭᠰᠠᠨ ᠰᠠᠯᠪᠤᠷᠢ᠄ 13947950284︔ ᠪᠣᠭᠳᠠ ᠶᠢᠨ ᠭᠤᠤᠯ ᠰᠤᠮᠤᠨ ᠤ ᠲᠣᠮᠢᠯᠠᠭᠰᠠᠨ ᠰᠠᠯᠪᠤᠷᠢ᠄ 13947925042᠃ ᠢᠯᠡᠴᠢᠯᠡᠨ ᠮᠡᠳᠡᠭᠦᠯᠦᠭᠴᠢ ᠠᠴᠠ ᠢᠯᠡᠴᠢᠯᠡᠭᠳᠡᠭᠰᠡᠳ ᠤᠨ ᠣᠪᠣᠭ ᠨᠡᠷ᠎ᠡ᠂ ᠤᠷᠤᠰᠢᠨ ᠰᠠᠭᠤᠭ᠎ᠠ ᠭᠠᠵᠠᠷ ᠵᠡᠷᠭᠡ ᠦᠨᠡᠨ ᠪᠣᠳᠠᠲᠠᠶ ᠰᠤᠷᠠᠭ ᠵᠠᠩᠭᠢ ᠶᠢ ᠨᠢ ᠬᠠᠩᠭᠠᠬᠤ ᠬᠡᠷᠡᠭᠲᠡᠶ︶᠃ ᠪᠢᠳᠡ ᠰᠦᠪᠡᠭᠴᠢ ᠬᠠᠩᠭᠠᠭᠰᠠᠨ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃        ᠳᠣᠯᠤᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠡᠷᠡᠭᠦᠯ ᠮᠡᠨᠳᠦ ᠶᠢᠨ ᠪᠠᠶᠢᠳᠠᠯ ᠤᠨ ᠲᠠᠩᠰᠠᠯᠠᠯᠲᠠ ᠶᠢᠨ ᠠᠵᠢᠯ ᠳᠤ ᠬᠠᠮᠵᠢᠯᠴᠠᠬᠤ ᠦᠭᠡᠢ᠂ ᠬᠢᠵᠢᠭ ᠢ ᠵᠣᠷᠢᠭᠤᠳᠠ ᠳᠠᠮᠵᠢᠭᠤᠯᠤᠨ ᠲᠠᠷᠬᠠᠭᠠᠬᠤ ᠵᠢᠴᠢ ᠬᠢᠵᠢᠭ ᠤᠨ ᠪᠠᠶᠢᠳᠠᠯ ᠤᠨ ᠲᠤᠬᠠᠢ ᠴᠤᠤᠷᠬᠠᠯ ᠭᠠᠷᠭᠠᠬᠤ᠂ ᠴᠤᠤᠷᠬᠠᠯ ᠲᠠᠷᠬᠠᠭᠠᠬᠤ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠠᠶᠠᠯᠠᠨ ᠰᠠᠭᠤᠷᠢᠰᠢᠭᠰᠠᠨ ᠦᠩᠭᠡᠷᠡᠯᠲᠡ ᠪᠠᠨ ᠵᠣᠷᠢᠭᠤᠳᠠ ᠨᠢᠭᠤᠨ ᠳᠠᠯᠳᠠᠯᠠᠭᠰᠠᠨ ᠪᠣᠯ᠂ ᠬᠠᠤᠯᠢ ᠲᠣᠭᠲᠠᠭᠠᠯ ᠶᠣᠰᠣᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠬᠡᠷᠡᠭᠳᠡᠢ᠃ ᠢᠳᠬᠠᠯ ᠢ ᠰᠣᠨᠣᠰᠬᠤ ᠦᠭᠡᠢ ᠪᠠᠶᠢᠪᠠᠯ᠂ ᠬᠠᠤᠯᠢ ᠶᠣᠰᠣᠭᠠᠷ ᠬᠦᠨᠳᠦ ᠪᠠᠷ ᠰᠢᠳᠬᠡᠨ᠎ᠡ︔ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠪᠡᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ              ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                             2021 ᠤᠨ ᠤ 1 ᠰᠠᠷᠠᠶᠢᠨ 5 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号