ᠬᠥᠪᠡᠭᠡᠲᠥ ᠰᠢᠷ᠎ᠠ ᠬᠤᠰᠢᠭᠤ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢᠨ ᠲᠥᠷᠥᠯ ᠵᠥᠢᠯ ᠢ ᠪᠥᠲᠥᠮᠵᠢᠲᠡᠢ ᠠᠰᠢᠭᠯᠠᠵᠥ ᠮᠠᠯᠴᠢᠳ ᠲᠤ ᠠᠰᠢᠭ ᠬᠥᠷᠲᠡᠭᠡᠪᠡ
ᠨᠡᠶᠢᠲᠡᠯᠡᠭᠰᠡᠨ ᠴᠠᠭ᠄
2021/1/14
     ᠤᠢᠢᠷ᠎ᠠ ᠶᠢᠨ ᠵᠢᠯ ᠠᠴᠠ ᠨᠠᠭᠠᠰᠢ᠂ ᠬᠥᠪᠡᠭᠡᠲᠥ ᠰᠢᠷ᠎ᠠ ᠬᠤᠰᠢᠭᠤ ᠶᠠᠲᠠᠭᠤ ᠬᠥᠴᠢᠷᠲᠡᠯᠲᠡᠢ ᠬᠥᠮᠥᠨ ᠠᠮᠠ ᠶᠢ ᠨᠠᠷᠢᠯᠢᠬ ᠤᠨᠤᠪᠴᠢᠲᠠᠢ ᠢᠯᠭᠠᠨ ᠮᠠᠭᠠᠳᠯᠠᠭᠰᠠᠨ ᠰᠠᠭᠤᠷᠢᠨ ᠲᠡᠭᠡᠷ᠎ᠠ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢᠨ ᠠᠰᠢᠭᠯᠠᠯᠲᠠ ᠶᠢ ᠲᠠᠩᠰᠠ ᠡᠪᠭᠡᠮᠡᠯ ᠲᠠᠢ ᠬᠥᠴᠢᠷᠲᠡᠯᠲᠡᠢ ᠡᠷᠥᠭᠡ ᠶᠢᠨ ᠪᠠᠶᠢᠲᠠᠯ ᠲᠠᠢ ᠬᠠᠷᠢᠯᠴᠠᠨ ᠵᠤᠯᠭᠠᠭᠤᠯᠬᠤ᠂ ᠶᠠᠲᠠᠭᠤ ᠠᠴᠠ ᠠᠩᠭᠢᠵᠢᠷᠠᠭᠤᠯᠤᠭᠰᠠᠨ ᠥᠷ᠎ᠠ ᠪᠥᠲᠥᠮᠵᠢ ᠲᠠᠢ ᠬᠠᠷᠢᠯᠴᠠᠨ ᠬᠤᠯᠪᠤᠭᠲᠠᠭᠤᠯᠬᠤ ᠶᠢ ᠴᠢᠬᠤᠯᠠᠴᠢᠯᠠᠵᠥ᠂ ᠶᠠᠲᠠᠭᠤ ᠠᠴᠠ ᠠᠩᠭᠢᠵᠢᠷᠠᠭᠤᠯᠬᠤ ᠠᠵᠢᠯ ᠳᠤ ᠬᠥᠴᠥᠲᠡᠢ ᠲᠡᠮᠵᠢᠯᠭᠡ ᠬᠠᠨᠭ᠍ᠭᠠᠵᠠᠢ᠃      ᠲᠤᠰ ᠬᠤᠰᠢᠭᠤ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢ ᠢᠲᠡᠪᠬᠢᠲᠡᠢ ᠡᠷᠡᠮᠡᠯᠵᠡᠵᠥ᠂ ᠴᠥᠭᠡᠨ ᠲᠤᠭᠠᠲᠤ ᠥᠨᠲᠤᠰᠤᠲᠡᠨ ᠤ ᠤᠯᠠᠨ ᠲᠥᠮᠡᠨ ᠤ ᠥᠢᠯᠡᠰ ᠪᠥᠲᠥᠭᠡᠵᠥ ᠴᠢᠨᠡᠭᠡᠯᠢᠭᠵᠢᠬᠦ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠤᠯᠤᠨ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠬᠦᠯᠬᠦ᠂ ᠥᠨᠲᠤᠰᠤᠲᠡᠨ ᠤ ᠰᠤᠶᠤᠯ ᠢ ᠤᠯᠠᠮᠵᠢᠯᠠᠨ ᠪᠠᠲᠠᠷᠠᠭᠤᠯᠬᠤ ᠬᠡᠪᠴᠢᠶᠡᠨ ᠳᠠᠬᠢ ᠪᠡᠯᠡ ᠤᠷᠤᠭᠤᠯᠤᠯᠲᠠ ᠪᠠᠨ ᠴᠢᠩᠭᠠᠳᠬᠠᠵᠥ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠲᠥᠷᠭᠡᠨ ᠬᠥᠭᠵᠢᠯᠲᠡ ᠶᠢ ᠬᠥᠴᠥᠲᠡᠢ ᠠᠬᠢᠭᠤᠯᠵᠥ᠂ 3.1 ᠲᠥᠮᠡᠨ ᠬᠥᠮᠥᠨ ᠳᠤ ᠠᠰᠢᠭ ᠬᠥᠷᠲᠡᠭᠡᠪᠡ᠃ ᠠᠷᠪᠠᠨ ᠭᠤᠷᠪᠠᠲᠤᠭᠠᠷ ᠲᠠᠪᠤᠨ ᠵᠢᠯ ᠤᠨ ᠬᠤᠭᠤᠴᠠᠭᠠᠨ ᠳᠤ ᠵᠠᠰᠠᠭ ᠤᠨ ᠤᠷᠲᠤᠨ ᠬᠤᠲᠠᠯᠲᠤᠨ ᠠᠪᠬᠤ᠂ ᠢᠯᠡ ᠪᠠᠷ ᠲᠠᠭᠠᠭᠠᠴᠢᠯᠠᠯᠲᠠ ᠵᠠᠷᠯᠠᠬᠤ ᠵᠡᠷᠭᠡ ᠬᠡᠯᠪᠡᠷᠢ ᠪᠠᠷ ᠲᠠᠮᠵᠢᠭᠤᠯᠤᠨ ᠪᠥᠬᠦ ᠬᠤᠰᠢᠭᠤᠨ ᠳᠤ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢᠨ ᠲᠥᠷᠥᠯ ᠵᠥᠢᠯ 57᠎ ᠶᠢ ᠲᠤᠬᠢᠷᠠᠭᠤᠯᠵᠥ᠂ ᠲᠥᠷᠥᠯ ᠵᠥᠢᠯ ᠤᠨ ᠪᠡᠯᠡ ᠮᠥᠡᠭᠭᠦ ᠨᠡᠶᠢᠲᠡ 1727.98 ᠲᠥᠮᠡᠨ ᠲᠥᠭᠦᠷᠢᠭ ᠬᠥᠷᠴᠥ᠂ ᠭᠠᠴᠠᠭᠠᠨ ᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠥᠨᠲᠤᠰᠤᠲᠡᠨ ᠤ ᠭᠠᠷ ᠤᠷᠠᠯᠠᠯ ᠤᠨ ᠪᠥᠲᠥᠭᠡᠭᠲᠡᠬᠦᠨ ᠵᠡᠷᠭᠡ ᠠᠵᠤ ᠥᠢᠯᠡᠰ ᠤᠨ ᠬᠥᠭᠵᠢᠯᠲᠡ ᠶᠢ ᠲᠡᠮᠵᠢᠵᠥ᠂ ᠭᠠᠴᠠᠭᠠᠨ ᠤ ᠰᠠᠭᠤᠷᠢ ᠲᠥᠭᠦᠭᠡᠷᠥᠮᠵᠢ ᠶᠢ ᠰᠠᠶᠢᠵᠢᠷᠠᠭᠤᠯᠤᠭᠰᠠᠨ ᠪᠠᠶᠢᠨ᠎ᠠ᠃       ᠬᠥᠪᠡᠭᠡᠲᠥ ᠰᠢᠷ᠎ᠠ ᠬᠤᠰᠢᠭᠤ ᠤᠨᠴᠠᠯᠢᠭᠲᠤ ᠠᠵᠤ ᠥᠢᠯᠡᠰ ᠢ ᠬᠥᠭᠵᠢᠬᠦᠯᠬᠦ᠂ ᠥᠨᠲᠤᠰᠤᠨ ᠱᠠᠲᠤᠨ ᠤ ᠥᠢᠯᠡᠳᠪᠤᠷᠢᠯᠡᠯ ᠠᠮᠢᠲᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠬᠥᠴᠢᠷᠲᠡᠯᠲᠡᠢ ᠬᠥᠮᠥᠨ ᠠᠮᠠ ᠶᠢᠨ ᠥᠪᠡᠷ ᠤᠨ ᠬᠥᠴᠥ ᠪᠠᠷ ᠢᠶᠠᠨ ᠲᠡᠭᠵᠢᠷᠡᠬᠦ ᠴᠢᠲᠠᠪᠤᠷᠢ ᠪᠤᠯᠤᠨ ᠠᠶᠤᠯ ᠲᠥᠭᠰᠢᠬᠦᠷᠢ ᠶᠢ ᠡᠰᠡᠷᠬᠦᠴᠡᠬᠦ ᠴᠢᠲᠠᠪᠤᠷᠢ ᠶᠢ ᠴᠢᠩᠭᠠᠳᠬᠠᠬᠤ ᠲᠤᠭᠤᠷᠢᠨ ᠳᠤ ᠡᠷᠥᠭᠡ ᠶᠢᠨ ᠪᠠᠶᠢᠲᠠᠯ ᠳᠤ ᠲᠤᠬᠢᠷᠠᠭᠤᠯᠤᠨ ᠠᠷᠭ᠎ᠠ ᠪᠤᠲᠤᠯᠭ᠎ᠠ ᠬᠡᠷᠡᠭᠵᠢᠬᠦᠯᠵᠥ᠂ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢ ᠪᠥᠲᠥᠮᠵᠢᠲᠡᠢ ᠠᠰᠢᠭᠯᠠᠪᠠ᠃ ᠲᠤᠰ ᠬᠤᠰᠢᠭᠤ ᠴᠠᠬᠠᠷ ᠬᠤᠨᠢᠨ ᠤ ᠭᠤᠤᠯ ᠭᠠᠷᠤᠯᠲᠠ ᠶᠢᠨ ᠤᠷᠤᠨ ᠤ ᠲᠠᠪᠠᠭᠤᠯᠢᠭ ᠢᠶᠠᠨ ᠲᠤᠪᠤᠶᠢᠯᠭᠠᠵᠥ᠂ 2020 ᠤᠨ ᠳᠤ ᠪᠠᠶᠠᠠᠲᠠᠯ᠎ᠠ ᠪᠠᠯᠭᠠᠰᠤ ᠶᠢᠨ ᠴᠠᠪ ᠭᠠᠴᠠᠭᠠᠨ ᠳᠤ ᠶᠠᠲᠠᠭᠤ ᠶᠢ ᠲᠡᠳᠬᠦᠬᠦ ᠲᠤᠰᠬᠠᠢ ᠲᠥᠷᠥᠯ ᠤᠨ ᠪᠡᠯᠡ ᠮᠥᠡᠭᠭᠦ ᠶᠢ ᠠᠰᠢᠭᠯᠠᠨ ᠴᠠᠬᠠᠷ ᠬᠤᠨᠢᠨ ᠤ ᠠᠵᠤ ᠥᠢᠯᠡᠰ ᠤᠨ ᠬᠥᠭᠵᠢᠯᠲᠠ ᠶᠢᠨ ᠲᠥᠷᠥᠯ ᠵᠥᠢᠯ ᠢ ᠬᠡᠷᠡᠭᠵᠢᠬᠦᠯᠵᠥ᠂ ᠲᠤᠬᠠᠢ ᠶᠢᠨ ᠵᠢᠯ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ 1 ᠲᠥᠮᠡ 7400 ᠲᠥᠭᠦᠷᠢᠭ ᠨᠡᠮᠡᠭᠲᠡᠵᠥ᠂ ᠭᠠᠴᠠᠭ᠎ᠠ ᠪᠤᠯᠤᠨ ᠮᠠᠯᠴᠢᠳ ᠬᠠᠮᠲᠤᠪᠠᠷ ᠠᠰᠢᠭ ᠬᠥᠷᠲᠡᠭᠰᠡᠨ ᠪᠠᠶᠢᠨ᠎ᠠ᠃ ︽ᠥᠡᠭᠭᠡᠷᠡᠭᠰᠡᠨ ᠲᠠᠢ ᠠᠲᠠᠯᠢᠳᠬᠠᠪᠠᠯ ᠮᠠᠨ ᠤ ᠭᠠᠴᠠᠭ᠎ᠠ ᠥᠨᠡᠭᠡᠷ ᠮᠡᠲᠡᠭᠲᠡᠮ᠎ᠠ ᠬᠤᠪᠢᠷᠠᠯᠲᠠ ᠲᠠᠢ ᠪᠤᠯᠤᠭᠰᠠᠨ᠂ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢᠨ ᠲᠥᠷᠥᠯ ᠵᠥᠢᠯ ᠨᠢ ᠮᠠᠯᠴᠢᠳ ᠤᠨ ᠤᠷᠤᠯᠭ᠎ᠠ ᠶᠢᠨ ᠨᠡᠮᠡᠭᠲᠡᠯ ᠢ ᠲᠠᠶᠢᠴᠢᠯᠠᠵᠥ᠂ ᠪᠢᠲᠠᠨ ᠤ ᠠᠮᠢᠲᠤᠷᠠᠯ ᠤᠨ ᠰᠠᠶᠢᠵᠢᠷᠠᠯᠲᠠ ᠳᠤ ᠲᠤᠰᠠᠯᠠᠭᠰᠠᠨ ᠪᠠᠶᠢᠨ᠎ᠠ︾ ᠭᠡᠵᠥ ᠴᠠᠪ ᠭᠠᠴᠠᠭᠠᠨ ᠤ ᠮᠠᠰᠢᠨ ᠲᠥᠭᠦᠭᠡᠷᠥᠮᠵᠢ ᠬᠤᠲᠠᠯᠲᠤᠨ ᠠᠪᠬᠤ ᠨᠥᠬᠦᠪᠤᠷᠢ ᠭᠠᠷᠲᠠᠭᠰᠠᠨ ᠮᠠᠯᠴᠢᠳ ᠪᠠᠶᠠᠷᠲᠠᠢ ᠶᠠᠷᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号