ᠤᠢᠢᠷ᠎ᠠ ᠶᠢᠨ ᠵᠢᠯ ᠠᠴᠠ ᠨᠠᠭᠠᠰᠢ᠂ ᠬᠥᠪᠡᠭᠡᠲᠥ ᠰᠢᠷ᠎ᠠ ᠬᠤᠰᠢᠭᠤ ᠶᠠᠲᠠᠭᠤ ᠬᠥᠴᠢᠷᠲᠡᠯᠲᠡᠢ ᠬᠥᠮᠥᠨ ᠠᠮᠠ ᠶᠢ | ᠨᠠᠷᠢᠯᠢᠬ ᠤᠨᠤᠪᠴᠢᠲᠠᠢ ᠢᠯᠭᠠᠨ ᠮᠠᠭᠠᠳᠯᠠᠭᠰᠠᠨ ᠰᠠᠭᠤᠷᠢᠨ ᠲᠡᠭᠡᠷ᠎ᠠ ᠴᠥᠭᠡᠨ ᠲᠤᠭᠠᠲᠤ ᠥᠨᠲᠤᠰᠤᠲᠡᠨ ᠤ | ᠬᠥᠭᠵᠢᠯᠲᠡ ᠶᠢᠨ ᠪᠡᠯᠡ ᠮᠥᠡᠭᠭᠦ ᠶᠢᠨ ᠠᠰᠢᠭᠯᠠᠯᠲᠠ ᠶᠢ ᠲᠠᠩᠰᠠ ᠡᠪᠭᠡᠮᠡᠯ ᠲᠠᠢ ᠬᠥᠴᠢᠷᠲᠡᠯᠲᠡᠢ ᠡᠷᠥᠭᠡ ᠶᠢᠨ | ᠪᠠᠶᠢᠲᠠᠯ ᠲᠠᠢ ᠬᠠᠷᠢᠯᠴᠠᠨ ᠵᠤᠯᠭᠠᠭᠤᠯᠬᠤ᠂ ᠶᠠᠲᠠᠭᠤ ᠠᠴᠠ ᠠᠩᠭᠢᠵᠢᠷᠠᠭᠤᠯᠤᠭᠰᠠᠨ ᠥᠷ᠎ᠠ ᠪᠥᠲᠥᠮᠵᠢ ᠲᠠᠢ ᠬᠠᠷᠢᠯᠴᠠᠨ | ᠬᠤᠯᠪᠤᠭᠲᠠᠭᠤᠯᠬᠤ ᠶᠢ ᠴᠢᠬᠤᠯᠠᠴᠢᠯᠠᠵᠥ᠂ ᠶᠠᠲᠠᠭᠤ ᠠᠴᠠ ᠠᠩᠭᠢᠵᠢᠷᠠᠭᠤᠯᠬᠤ ᠠᠵᠢᠯ ᠳᠤ ᠬᠥᠴᠥᠲᠡᠢ ᠲᠡᠮᠵᠢᠯᠭᠡ | ᠬᠠᠨᠭ᠍ᠭᠠᠵᠠᠢ᠃ | ᠲᠤᠰ ᠬᠤᠰᠢᠭᠤ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢ ᠢᠲᠡᠪᠬᠢᠲᠡᠢ | ᠡᠷᠡᠮᠡᠯᠵᠡᠵᠥ᠂ ᠴᠥᠭᠡᠨ ᠲᠤᠭᠠᠲᠤ ᠥᠨᠲᠤᠰᠤᠲᠡᠨ ᠤ ᠤᠯᠠᠨ ᠲᠥᠮᠡᠨ ᠤ ᠥᠢᠯᠡᠰ ᠪᠥᠲᠥᠭᠡᠵᠥ ᠴᠢᠨᠡᠭᠡᠯᠢᠭᠵᠢᠬᠦ᠂ | ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠤᠯᠤᠨ ᠭᠠᠴᠠᠭᠠᠨ ᠤ ᠬᠠᠮᠲᠤ ᠶᠢᠨ ᠠᠵᠤ ᠠᠬᠤᠢ ᠶᠢ | ᠬᠥᠭᠵᠢᠬᠦᠯᠬᠦ᠂ ᠥᠨᠲᠤᠰᠤᠲᠡᠨ ᠤ ᠰᠤᠶᠤᠯ ᠢ ᠤᠯᠠᠮᠵᠢᠯᠠᠨ ᠪᠠᠲᠠᠷᠠᠭᠤᠯᠬᠤ ᠬᠡᠪᠴᠢᠶᠡᠨ ᠳᠠᠬᠢ ᠪᠡᠯᠡ | ᠤᠷᠤᠭᠤᠯᠤᠯᠲᠠ ᠪᠠᠨ ᠴᠢᠩᠭᠠᠳᠬᠠᠵᠥ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠲᠥᠷᠭᠡᠨ ᠬᠥᠭᠵᠢᠯᠲᠡ ᠶᠢ | ᠬᠥᠴᠥᠲᠡᠢ ᠠᠬᠢᠭᠤᠯᠵᠥ᠂ 3.1 ᠲᠥᠮᠡᠨ ᠬᠥᠮᠥᠨ ᠳᠤ ᠠᠰᠢᠭ ᠬᠥᠷᠲᠡᠭᠡᠪᠡ᠃ ᠠᠷᠪᠠᠨ ᠭᠤᠷᠪᠠᠲᠤᠭᠠᠷ ᠲᠠᠪᠤᠨ ᠵᠢᠯ ᠤᠨ | ᠬᠤᠭᠤᠴᠠᠭᠠᠨ ᠳᠤ ᠵᠠᠰᠠᠭ ᠤᠨ ᠤᠷᠲᠤᠨ ᠬᠤᠲᠠᠯᠲᠤᠨ ᠠᠪᠬᠤ᠂ ᠢᠯᠡ ᠪᠠᠷ ᠲᠠᠭᠠᠭᠠᠴᠢᠯᠠᠯᠲᠠ ᠵᠠᠷᠯᠠᠬᠤ ᠵᠡᠷᠭᠡ | ᠬᠡᠯᠪᠡᠷᠢ ᠪᠠᠷ ᠲᠠᠮᠵᠢᠭᠤᠯᠤᠨ ᠪᠥᠬᠦ ᠬᠤᠰᠢᠭᠤᠨ ᠳᠤ ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ | ᠮᠥᠡᠭᠭᠦ ᠶᠢᠨ ᠲᠥᠷᠥᠯ ᠵᠥᠢᠯ 57 ᠶᠢ ᠲᠤᠬᠢᠷᠠᠭᠤᠯᠵᠥ᠂ ᠲᠥᠷᠥᠯ ᠵᠥᠢᠯ ᠤᠨ ᠪᠡᠯᠡ ᠮᠥᠡᠭᠭᠦ ᠨᠡᠶᠢᠲᠡ 1727.98 | ᠲᠥᠮᠡᠨ ᠲᠥᠭᠦᠷᠢᠭ ᠬᠥᠷᠴᠥ᠂ ᠭᠠᠴᠠᠭᠠᠨ ᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ | ᠥᠨᠲᠤᠰᠤᠲᠡᠨ ᠤ ᠭᠠᠷ ᠤᠷᠠᠯᠠᠯ ᠤᠨ ᠪᠥᠲᠥᠭᠡᠭᠲᠡᠬᠦᠨ ᠵᠡᠷᠭᠡ ᠠᠵᠤ ᠥᠢᠯᠡᠰ ᠤᠨ ᠬᠥᠭᠵᠢᠯᠲᠡ ᠶᠢ ᠲᠡᠮᠵᠢᠵᠥ᠂ | ᠭᠠᠴᠠᠭᠠᠨ ᠤ ᠰᠠᠭᠤᠷᠢ ᠲᠥᠭᠦᠭᠡᠷᠥᠮᠵᠢ ᠶᠢ ᠰᠠᠶᠢᠵᠢᠷᠠᠭᠤᠯᠤᠭᠰᠠᠨ ᠪᠠᠶᠢᠨ᠎ᠠ᠃ | ᠬᠥᠪᠡᠭᠡᠲᠥ ᠰᠢᠷ᠎ᠠ ᠬᠤᠰᠢᠭᠤ ᠤᠨᠴᠠᠯᠢᠭᠲᠤ ᠠᠵᠤ ᠥᠢᠯᠡᠰ ᠢ ᠬᠥᠭᠵᠢᠬᠦᠯᠬᠦ᠂ ᠥᠨᠲᠤᠰᠤᠨ ᠱᠠᠲᠤᠨ ᠤ | ᠥᠢᠯᠡᠳᠪᠤᠷᠢᠯᠡᠯ ᠠᠮᠢᠲᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠬᠥᠴᠢᠷᠲᠡᠯᠲᠡᠢ ᠬᠥᠮᠥᠨ ᠠᠮᠠ ᠶᠢᠨ ᠥᠪᠡᠷ ᠤᠨ | ᠬᠥᠴᠥ ᠪᠠᠷ ᠢᠶᠠᠨ ᠲᠡᠭᠵᠢᠷᠡᠬᠦ ᠴᠢᠲᠠᠪᠤᠷᠢ ᠪᠤᠯᠤᠨ ᠠᠶᠤᠯ ᠲᠥᠭᠰᠢᠬᠦᠷᠢ ᠶᠢ ᠡᠰᠡᠷᠬᠦᠴᠡᠬᠦ ᠴᠢᠲᠠᠪᠤᠷᠢ ᠶᠢ | ᠴᠢᠩᠭᠠᠳᠬᠠᠬᠤ ᠲᠤᠭᠤᠷᠢᠨ ᠳᠤ ᠡᠷᠥᠭᠡ ᠶᠢᠨ ᠪᠠᠶᠢᠲᠠᠯ ᠳᠤ ᠲᠤᠬᠢᠷᠠᠭᠤᠯᠤᠨ ᠠᠷᠭ᠎ᠠ ᠪᠤᠲᠤᠯᠭ᠎ᠠ ᠬᠡᠷᠡᠭᠵᠢᠬᠦᠯᠵᠥ᠂ | ᠴᠥᠭᠡᠨ ᠲᠤᠭᠠᠲᠤ ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢ ᠪᠥᠲᠥᠮᠵᠢᠲᠡᠢ ᠠᠰᠢᠭᠯᠠᠪᠠ᠃ ᠲᠤᠰ | ᠬᠤᠰᠢᠭᠤ ᠴᠠᠬᠠᠷ ᠬᠤᠨᠢᠨ ᠤ ᠭᠤᠤᠯ ᠭᠠᠷᠤᠯᠲᠠ ᠶᠢᠨ ᠤᠷᠤᠨ ᠤ ᠲᠠᠪᠠᠭᠤᠯᠢᠭ ᠢᠶᠠᠨ ᠲᠤᠪᠤᠶᠢᠯᠭᠠᠵᠥ᠂ 2020 | ᠤᠨ ᠳᠤ ᠪᠠᠶᠠᠠᠲᠠᠯ᠎ᠠ ᠪᠠᠯᠭᠠᠰᠤ ᠶᠢᠨ ᠴᠠᠪ ᠭᠠᠴᠠᠭᠠᠨ ᠳᠤ ᠶᠠᠲᠠᠭᠤ ᠶᠢ ᠲᠡᠳᠬᠦᠬᠦ ᠲᠤᠰᠬᠠᠢ ᠲᠥᠷᠥᠯ ᠤᠨ ᠪᠡᠯᠡ | ᠮᠥᠡᠭᠭᠦ ᠶᠢ ᠠᠰᠢᠭᠯᠠᠨ ᠴᠠᠬᠠᠷ ᠬᠤᠨᠢᠨ ᠤ ᠠᠵᠤ ᠥᠢᠯᠡᠰ ᠤᠨ ᠬᠥᠭᠵᠢᠯᠲᠠ ᠶᠢᠨ ᠲᠥᠷᠥᠯ ᠵᠥᠢᠯ ᠢ ᠬᠡᠷᠡᠭᠵᠢᠬᠦᠯᠵᠥ᠂ | ᠲᠤᠬᠠᠢ ᠶᠢᠨ ᠵᠢᠯ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ 1 ᠲᠥᠮᠡ 7400 ᠲᠥᠭᠦᠷᠢᠭ | ᠨᠡᠮᠡᠭᠲᠡᠵᠥ᠂ ᠭᠠᠴᠠᠭ᠎ᠠ ᠪᠤᠯᠤᠨ ᠮᠠᠯᠴᠢᠳ ᠬᠠᠮᠲᠤᠪᠠᠷ ᠠᠰᠢᠭ ᠬᠥᠷᠲᠡᠭᠰᠡᠨ ᠪᠠᠶᠢᠨ᠎ᠠ᠃ ︽ᠥᠡᠭᠭᠡᠷᠡᠭᠰᠡᠨ ᠲᠠᠢ | ᠠᠲᠠᠯᠢᠳᠬᠠᠪᠠᠯ ᠮᠠᠨ ᠤ ᠭᠠᠴᠠᠭ᠎ᠠ ᠥᠨᠡᠭᠡᠷ ᠮᠡᠲᠡᠭᠲᠡᠮ᠎ᠠ ᠬᠤᠪᠢᠷᠠᠯᠲᠠ ᠲᠠᠢ ᠪᠤᠯᠤᠭᠰᠠᠨ᠂ ᠴᠥᠭᠡᠨ ᠲᠤᠭᠠᠲᠤ | ᠥᠨᠲᠤᠰᠤᠲᠡᠨ ᠤ ᠬᠥᠭᠵᠢᠯᠲᠡ ᠶᠢᠨ ᠪᠡᠯᠡ ᠮᠥᠡᠭᠭᠦ ᠶᠢᠨ ᠲᠥᠷᠥᠯ ᠵᠥᠢᠯ ᠨᠢ ᠮᠠᠯᠴᠢᠳ ᠤᠨ ᠤᠷᠤᠯᠭ᠎ᠠ ᠶᠢᠨ | ᠨᠡᠮᠡᠭᠲᠡᠯ ᠢ ᠲᠠᠶᠢᠴᠢᠯᠠᠵᠥ᠂ ᠪᠢᠲᠠᠨ ᠤ ᠠᠮᠢᠲᠤᠷᠠᠯ ᠤᠨ ᠰᠠᠶᠢᠵᠢᠷᠠᠯᠲᠠ ᠳᠤ ᠲᠤᠰᠠᠯᠠᠭᠰᠠᠨ ᠪᠠᠶᠢᠨ᠎ᠠ︾ ᠭᠡᠵᠥ ᠴᠠᠪ | ᠭᠠᠴᠠᠭᠠᠨ ᠤ ᠮᠠᠰᠢᠨ ᠲᠥᠭᠦᠭᠡᠷᠥᠮᠵᠢ ᠬᠤᠲᠠᠯᠲᠤᠨ ᠠᠪᠬᠤ ᠨᠥᠬᠦᠪᠤᠷᠢ ᠭᠠᠷᠲᠠᠭᠰᠠᠨ ᠮᠠᠯᠴᠢᠳ ᠪᠠᠶᠠᠷᠲᠠᠢ ᠶᠠᠷᠢᠨ᠎ᠠ᠃ |