ᠬᠦᠪᠡᠭᠡᠲᠦ ᠰᠢᠷ᠎ᠠ ᠬᠤᠰᠢᠭᠤ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠲᠤᠰᠬᠠᠢ ᠰᠡᠳᠤᠪᠲᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/1/14
    ᠣᠷᠴᠢᠮ ᠤᠨ ᠡᠳᠤᠷ᠂ ᠬᠦᠪᠡᠭᠡᠲᠦ ᠰᠢᠷ᠎ᠠ ᠬᠤᠰᠢᠭᠤ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠲᠤᠰᠬᠠᠢ ᠰᠡᠳᠤᠪᠲᠦ ᠪᠤᠯᠪᠠᠰᠤᠷᠠᠯ ᠡᠷᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠶᠢᠯᠠᠩ ᠤᠨ ᠬᠡᠰᠢᠬᠦᠨ᠂ ᠠᠷᠠᠳ ᠤᠨ ᠲᠦᠯᠦᠭᠡᠯᠡᠭᠴᠢ᠂ ᠨᠠᠮ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠪᠦᠬᠦ ᠬᠤᠰᠢᠭᠤᠨ ᠤ ᠰᠠᠯᠠᠭ᠎ᠠ ᠲᠡᠰ ᠠᠴᠠ ᠲᠡᠭᠡᠭᠰᠢᠬᠢ ᠺᠡᠳ᠋ᠷ᠂ ᠬᠤᠰᠢᠭᠤᠨ ᠤ ᠬᠠᠷᠢᠶ᠎ᠡ ᠪᠠᠶᠢᠭᠤᠯᠭ᠎ᠠ ᠶᠢᠨ ᠨᠠᠮ ᠤᠨ ᠡᠬᠦᠷ ᠤᠨ ᠱᠦᠵᠢ᠂ ᠭᠠᠴᠠᠭ᠎ᠠ᠂ ᠨᠡᠶᠢᠭᠡᠮ ᠲᠤᠭᠤᠷᠢᠭ ᠤᠨ ᠨᠠᠮ ᠤᠨ ᠡᠬᠦᠷ ᠪᠠ ᠠᠷᠠᠳ ᠤᠨ ᠵᠥᠪᠯᠡᠯ ᠤᠨ ᠬᠡᠰᠢᠬᠦᠨ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠤᠷᠴᠢᠯᠠᠬᠰᠠᠨ ᠬᠠᠮᠢᠶᠠᠷᠤᠯᠳᠠ ᠶᠢᠨ ᠠᠵᠢᠯᠳᠠᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠡᠬᠤ ᠪᠦᠯᠬᠦᠮ ᠤᠨ ᠪᠦᠬᠦ ᠬᠡᠰᠢᠬᠦᠨ᠂ ᠬᠤᠰᠢᠭᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠰᠢᠰᠲ᠋ᠧᠮ ᠤᠨ ᠺᠠᠳ᠋ᠷ ᠵᠡᠷᠭᠡ 380 ᠭᠠᠷᠤᠢ ᠬᠦᠮᠤᠨ ᠪᠤᠯᠪᠠᠰᠤᠷᠠᠯ ᠳᠤ ᠤᠷᠤᠯᠴᠠᠵᠠᠢ᠃     ᠪᠤᠯᠪᠠᠰᠤᠷᠠᠯ ᠳᠤ ᠶᠡᠷᠦᠩᠭᠡᠢ ᠱᠦᠵᠢ ᠰᠢ ᠶᠢᠨ ᠫᠢᠩ ᠤᠨ ᠦᠨᠳᠤᠰᠤᠳᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠵᠢᠴᠢ ᠨᠠᠮ ᠤᠨ ᠲᠦᠪ ᠬᠤᠷᠢᠶᠠᠨ ᠤ ᠬᠠᠮᠢᠶ᠎ᠠ ᠪᠦᠬᠦᠢ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠵᠥᠪ ᠤᠨᠤᠪᠴᠢᠳᠠᠢ᠂ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠪᠠᠷ ᠠᠶᠢᠮᠠᠭ ᠤᠨ ᠨᠠᠮ ᠤᠨ ᠰᠤᠷᠭᠠᠭᠤᠯᠢ ᠠᠴᠠ ᠪᠠᠭᠰᠢ ᠤᠷᠢᠵᠦ ᠲᠠᠶᠢᠯᠤᠮᠵᠢ ᠬᠢᠯᠭᠡᠪᠡ᠃ ᠲᠠᠶᠢᠯᠤᠮᠵᠢ ᠳᠤ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠲᠤᠰᠬᠠᠢ ᠰᠡᠳᠤᠪ ᠤᠨ ᠲᠤᠭᠤᠷᠢᠨ ᠳᠤ᠂ ᠪᠤᠳᠠᠳᠥ ᠪᠠᠶᠢᠲᠠᠯ ᠲᠠᠢ ᠤᠶᠠᠯᠳᠤᠭᠤᠯᠤᠨ ᠤᠯᠤᠰ ᠤᠨ ᠦᠨᠳᠤᠰᠤᠳᠠᠨ ᠤ ᠲᠤᠬᠠᠢ ᠲᠦᠷᠦ ᠶᠢᠨ ᠪᠤᠳᠤᠯᠭ᠎ᠠ᠂ ᠦᠨᠳᠤᠰᠤᠳᠠᠨ ᠤ ᠪᠦᠷᠢᠯᠳᠤᠯ᠂ ᠬᠦᠭᠵᠢᠯᠳᠠ ᠬᠤᠪᠢᠷᠠᠯᠳᠠ ᠵᠡᠷᠬᠡ ᠲᠠᠯ᠎ᠠ ᠪᠠᠷ ᠵᠦᠪ ᠤᠨᠤᠪᠴᠢᠳᠠᠢ ᠵᠠᠳᠠᠯᠤᠯᠳᠠ ᠲᠠᠶᠢᠯᠪᠤᠷᠢ ᠬᠢᠵᠦ᠂ ᠪᠦᠬᠦ ᠬᠤᠰᠢᠭᠤᠨ ᠤ ᠠᠵᠢᠯᠳᠠᠨ ᠠᠵᠢᠯᠴᠢᠨ ᠤ ᠤᠯᠤᠰ ᠲᠦᠷᠦ ᠶᠢᠨ ᠵᠤᠬᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠵᠥ᠂ ᠦᠨᠡᠨ ᠬᠦ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠶᠢ ᠵᠤᠷᠢᠵᠠᠢ᠃      ᠮᠠᠨ ᠤ ᠬᠤᠰᠢᠭᠤ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠪᠤᠯᠪᠠᠰᠤᠷᠠᠯ ᠬᠦᠮᠦᠵᠢᠯ ᠢ ᠦᠷᠬᠦᠯᠵᠢᠯᠡᠨ ᠴᠢᠩᠭ᠎ᠠ ᠠᠳᠬᠤᠵᠦ᠂ ᠲᠦᠪᠯᠡᠷᠡᠩᠭᠦᠢ ᠰᠤᠷᠤᠯᠴᠠᠯᠭ᠎ᠠ᠂ ᠬᠤᠪᠢ ᠬᠦᠮᠤᠨ ᠤ ᠰᠤᠷᠤᠯᠴᠠᠯᠭ᠎ᠠ᠂ ᠰᠤᠲᠤᠯᠤᠨ ᠶᠠᠷᠢᠯᠴᠠᠬᠤ ᠬᠤᠷᠠᠯ᠂ ᠤᠶᠢᠯᠠᠭᠠᠯᠳᠠ ᠲᠦᠷᠦᠭᠳᠡᠯ ᠪᠢᠴᠢᠬᠦ ᠵᠡᠷᠭᠡ ᠤᠯᠠᠨ ᠬᠡᠯᠪᠡᠷᠢ ᠪᠠᠷ ᠪᠦᠬᠦ ᠬᠤᠰᠢᠭᠤᠨ ᠤ ᠦᠨᠳᠤᠰᠤᠳᠠᠨ ᠨᠦᠭᠦᠳ ᠤᠨ ᠺᠠᠳ᠋ᠷ ᠠᠵᠢᠯᠳᠠᠨ ᠤ ᠲᠤᠮᠳᠠᠳᠤ ᠶᠢᠨ ᠦᠨᠳᠤᠰᠤᠳᠠᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠭᠴᠠᠯᠠᠬᠤ ᠶᠢ ᠵᠢᠯᠤᠭᠤᠳᠤᠨ ᠲᠠᠭᠠᠭᠤᠯᠵᠦ᠂ ᠨᠠᠮ ᠤᠨ ᠲᠦᠪ ᠬᠤᠷᠢᠶᠠᠨ ᠤ ᠬᠠᠮᠢᠶ᠎ᠠ ᠪᠦᠬᠦᠢ ᠰᠢᠢᠳᠪᠤᠷᠢ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号