ᠰᠡᠴᠡᠡᠭᠡᠷᠡᠯ ᠲᠡᠷᠭᠡᠯ ᠮᠡᠳᠡᠭᠡᠯᠡᠪᠠ | 1 ᠰᠠᠷ᠎ᠠ ᠶᠢᠨ 11 ᠠᠴᠠ 12 ᠤ ᠡᠳᠤᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ ᠲᠠᠳ᠋ ᠱᠥᠵᠢ᠂ | ᠵᠠᠰᠠᠭ ᠤᠨ ᠤᠷᠳᠤᠨ ᠤ ᠲᠠᠷᠤᠭ᠎ᠠ ᠬᠤᠪᠢᠰᠬᠠᠯᠳᠤ ᠵᠠᠰᠠᠭ ᠤᠨ ᠤᠷᠳᠤᠨ ᠤ 2021 ᠤᠨ ᠤ ᠨᠢᠭᠡᠳᠦᠭᠡᠷ ᠤᠳᠠᠭᠠᠨ | ᠤ ᠪᠡᠶᠢᠩᠭᠤ ᠶᠢᠨ ᠬᠤᠷᠠᠯ ᠢ ᠡᠷᠬᠢᠯᠠᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠭᠥᠸᠧ ᠺᠤᠸᠠᠨ ᠾᠸᠤ᠂ | ᠴᠧᠨ ᠢᠤᠢ ᠴᠧᠩ᠂ ᠯᠢ ᠭᠤᠸᠠᠩ ᠵᠢᠶᠥ᠋ᠨ᠂ ᠲᠤᠯᠭᠠᠭᠤᠷᠢ᠂ ᠪᠠᠭᠠᠳᠤᠷ᠂ ᠰᠢᠤᠢ ᠴᠢᠶᠠᠩ᠂ ᠲᠡᠭᠰᠢ ᠵᠢᠴᠢ ᠡᠯ᠎ᠠ ᠰᠤᠮᠤ | ᠪᠠᠯᠭᠠᠰᠤ᠂ ᠡᠯ᠎ᠠ ᠰᠠᠯᠠᠭ᠎ᠠ ᠮᠥᠴᠢᠷ ᠰᠢᠭᠤᠳ ᠬᠠᠷᠢᠶ᠎ᠠ ᠪᠡᠶᠢᠭᠤᠯᠤᠯᠭᠠ ᠨᠢᠭᠡᠴᠠ ᠶᠢᠨ ᠬᠠᠷᠢᠭᠤᠴᠠᠯᠭᠠᠳᠠᠨ ᠬᠤᠷᠠᠯ | ᠳᠤ ᠤᠷᠤᠯᠴᠠᠵᠠᠢ᠃ | ᠬᠤᠷᠠᠯ ᠲᠡᠭᠡᠷ᠎ᠠ᠂ ᠡᠯ᠎ᠠ ᠰᠤᠮᠤ ᠪᠠᠯᠭᠠᠰᠤᠨ ᠤ ᠵᠠᠰᠠᠭ ᠤᠨ ᠤᠷᠳᠤᠨ᠂ ᠡᠯ᠎ᠠ ᠰᠠᠯᠠᠭ᠎ᠠ ᠮᠥᠴᠢᠷ ᠤᠨ 2021 | ᠤᠨ ᠤ ᠭᠤᠤᠯᠳᠠᠯᠭ᠎ᠠ ᠲᠠᠢ ᠠᠵᠢᠯ ᠪᠤᠯᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠪᠡᠶᠢᠷᠢᠯᠠᠭᠤᠯᠤᠯᠳᠠ᠂ ︽ᠠᠷᠪᠠᠨ | ᠲᠥᠷᠪᠡᠳᠤᠭᠡᠷ ᠲᠠᠪᠣᠨ ᠵᠢᠯ ᠤᠨ ᠲᠥᠯᠥᠪᠵᠢᠬᠦᠯᠭᠡ︾ ᠶᠢᠨ ᠬᠤᠭᠤᠴᠠᠭᠠᠨ ᠳᠠᠬᠢ ᠭᠤᠤᠯᠳᠠᠯᠭ᠎ᠠ ᠲᠠᠢ ᠠᠵᠢᠯ ᠪᠤᠯᠤᠨ | ᠭᠤᠤᠯᠳᠠᠯᠭ᠎ᠠ ᠲᠠᠢ ᠲᠥᠷᠥᠯ ᠵᠥᠢᠯ ᠤᠨ ᠪᠡᠶᠢᠷᠢᠯᠠᠭᠤᠯᠤᠯᠳᠠ ᠶᠢ ᠰᠤᠨᠤᠰᠴᠤ᠂ ᠡᠯ᠎ᠠ ᠰᠤᠮᠤ ᠪᠠᠯᠭᠠᠰᠤ᠂ ᠰᠠᠯᠠᠭ᠎ᠠ | ᠮᠥᠴᠢᠷ ᠤᠨ ᠤᠳᠤᠬᠠᠨ ᠤ ᠠᠵᠢᠯ ᠤᠨ ᠲᠤᠮᠳᠠ ᠤᠷᠤᠰᠢᠵᠤ ᠪᠡᠶᠢᠭ᠎ᠠ ᠬᠥᠴᠢᠷᠳᠠᠯ ᠪᠤᠯᠤᠨ ᠠᠰᠠᠭᠤᠳᠠᠯ ᠢ | ᠵᠤᠬᠢᠴᠠᠭᠤᠯᠤᠨ ᠲᠤᠬᠢᠷᠠᠭᠤᠯᠤᠭᠰᠠᠨ ᠤ ᠬᠠᠮᠳᠤ᠂ 2021 ᠤᠨ ᠤ ᠡᠯ᠎ᠠ ᠲᠥᠷᠥᠯ ᠤᠨ ᠠᠵᠢᠯ ᠳᠤ | ᠪᠡᠶᠢᠷᠢᠯᠠᠭᠤᠯᠤᠯᠳᠠ ᠬᠢᠵᠠᠢ | ᠬᠤᠷᠠᠯ ᠲᠡᠭᠡᠷ᠎ᠠ ᠬᠤᠪᠢᠰᠬᠠᠯᠳᠤ ᠴᠢᠬᠤᠯᠠ ᠶᠠᠷᠢᠶ᠎ᠠ ᠭᠢᠵᠦ᠂ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ ᠮᠥᠴᠢᠷ | ᠨᠢ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠠᠷ ᠦᠪᠡᠷ ᠤᠨ ᠪᠠᠶ᠎ᠠ ᠪᠠᠨ ᠱᠠᠭᠠᠷᠳᠠᠬᠤ | ᠲᠥᠷᠢᠮ︾᠂ ︽ᠰᠢᠨ᠎ᠠ ᠪᠡᠶᠢᠳᠠᠯ ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ | ᠲᠥᠷᠢᠮ︾ ᠵᠡᠷᠭᠡ ᠨᠠᠮ ᠤᠨ ᠰᠠᠬᠢᠯᠭ᠎ᠠ᠂ ᠨᠠᠮ ᠤᠨ ᠲᠥᠷᠢᠮ ᠢ ᠴᠢᠩᠭ᠎ᠠ ᠵᠢᠷᠤᠮᠯᠠᠵᠤ᠂ ᠪᠥᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠤᠯᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠡᠶᠢᠭᠤᠯᠤᠯᠳᠠ ᠶᠢᠨ ᠠᠵᠢᠯ ᠢ ᠪᠥᠬᠦ ᠲᠠᠯ᠎ᠠ ᠪᠠᠷ | ᠰᠡᠶᠢᠳᠤᠷ ᠭᠢᠵᠦ ᠦᠵᠠᠯ ᠰᠠᠨᠠᠭ᠎ᠠ᠂ ᠤᠯᠤᠰ ᠲᠥᠷᠥ᠂ ᠤᠶᠢᠯᠠ ᠠᠵᠢᠯᠯᠠᠭ᠎ᠠ ᠲᠡᠭᠡᠷ᠎ᠠ ᠪᠠᠨ ᠰᠢ ᠶᠢᠨ ᠫᠢᠩ ᠶᠠᠷᠤᠩᠭᠡᠢ | ᠱᠥᠵᠢ ᠪᠠᠷ ᠭᠤᠤᠯᠯᠠᠭᠴᠢ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠤ ᠭᠡᠮᠵᠢᠶ᠎ᠠ ᠪᠠᠷ ᠨᠢᠭᠡᠳᠤᠯᠳᠠᠢ ᠪᠠᠶᠢᠬᠤ | ᠭᠡᠷᠡᠭᠳᠡᠢ ᠭᠡᠵᠤ ᠴᠢᠬᠤᠯᠠᠴᠢᠯᠠᠵᠠᠢ᠃ | ᠬᠤᠪᠢᠰᠬᠠᠯᠳᠤ ᠠᠴᠠ᠂ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ ᠮᠥᠴᠢᠷ ᠨᠢ ᠦᠵᠠᠯ ᠰᠠᠨᠠᠭ᠎ᠠ ᠪᠤᠯᠤᠨ ᠤᠶᠢᠯᠠ | ᠠᠵᠢᠯᠯᠠᠭ᠎ᠠ ᠪᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠠ ᠬᠤᠷᠠᠯ ᠵᠢᠴᠢ ᠪᠥᠬᠦ ᠤᠷᠤᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠤᠷᠢᠳᠤ ᠪᠤᠳᠤᠯᠭ᠎ᠠ ᠪᠡᠶᠢᠷᠢᠯᠠᠭᠤᠯᠤᠯᠳᠠ ᠲᠠᠢ ᠦᠨᠡᠨᠬᠦ | ᠨᠢᠭᠡᠳᠤᠯᠳᠠᠢ ᠪᠡᠶᠢᠯᠭᠠᠵᠤ᠂ ᠠᠷᠪᠠᠨ ᠲᠥᠷᠪᠡᠳᠤᠭᠡᠷ ᠲᠠᠪᠤᠨ ᠵᠢᠯ ᠤᠨ ᠲᠥᠯᠥᠪᠵᠢᠬᠦᠯᠭᠡ ᠶᠢᠨ ᠰᠡᠶᠢᠨ ᠡᠬᠢᠯᠡᠯᠳᠠ ᠶᠢ | ᠪᠠᠳᠤᠯᠠᠵᠤ᠂ ᠰᠢᠯᠢᠳᠡᠭ ᠬᠢᠷᠢ ᠪᠥᠳᠥᠮᠵᠢ ᠪᠠᠷ ᠨᠠᠮ ᠪᠡᠶᠢᠭᠤᠯᠤᠭᠳᠠᠭᠰᠠᠨ 100 ᠵᠢᠯ ᠤᠨ ᠤᠢ ᠶᠢ ᠤᠭᠳᠤᠬᠤ | ᠭᠡᠷᠡᠭᠳᠡᠢ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠡᠷᠡᠰ ᠲᠤᠤᠱᠯᠠᠭᠤᠯᠤᠨ | ᠨᠡᠶᠢᠳᠠᠪᠤᠷᠢᠵᠢᠭᠤᠯᠵᠤ᠂ ︽ᠨᠤᠮᠢᠨ ᠨᠤᠭᠤᠭᠠᠨ ᠠᠭᠤᠯᠠ ᠤᠰᠤ ᠨᠢ ᠠᠯᠳᠠ ᠮᠥᠩᠬᠦᠨ ᠠᠭᠤᠯᠠ ᠤᠰᠤ ᠮᠥᠨ︾ ᠭᠡᠬᠦ | ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠪᠥᠬᠦ | ᠲᠠᠯ᠎ᠠ ᠪᠠᠷ ᠰᠡᠶᠢᠳᠤᠷ ᠬᠢᠬᠦ ᠭᠡᠷᠡᠭᠳᠡᠢ᠃ ᠠᠶᠤᠯᠬᠦᠢ ᠤᠶᠢᠯᠡᠳᠪᠤᠷᠢᠯᠠᠯ ᠤᠨ ᠲᠤᠰᠬᠠᠢ ᠲᠥᠷᠥᠯ ᠤᠨ ᠴᠡᠭᠴᠠᠯᠠᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠲᠥᠯᠥᠪᠵᠢᠬᠦᠯᠭᠡ ᠶᠢ ᠬᠥᠨᠵᠡᠭᠡᠢ ᠦᠷᠨᠢᠬᠦᠯᠵᠤ᠂ ᠡᠯ᠎ᠠ ᠠᠵᠢᠯ ᠲᠥᠷᠥᠯ ᠤᠨ | ᠠᠶᠤᠯᠬᠦᠢ ᠤᠶᠢᠯᠡᠳᠪᠤᠷᠢᠯᠠᠯ ᠤᠨ ᠬᠠᠤᠯᠢ ᠲᠥᠷᠢᠮ ᠪᠤᠯᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠡᠶᠢᠳᠠᠪᠤᠷᠢᠵᠢᠭᠤᠯᠬᠤ | ᠭᠡᠷᠡᠭᠳᠡᠢ᠃ ᠨᠡᠶᠢᠭᠡᠮ ᠤᠨ ᠠᠮᠤᠷ ᠲᠥᠪᠰᠢᠨ ᠤ ᠶᠠᠷᠤᠩᠭᠡᠶᠢᠯᠡᠭᠰᠠᠨ ᠵᠠᠰᠠᠯᠳᠠ ᠶᠢᠨ ᠰᠢᠰᠲ᠋ᠧᠮ ᠤᠨ ᠰᠢᠨ᠎ᠠ ᠶᠢ | ᠡᠬᠦᠳᠴᠤ᠂ ᠬᠠᠷ᠎ᠠ ᠪᠥᠯᠥᠭᠳᠠᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠥᠷᠥᠯ ᠤᠨ ᠲᠡᠮᠡᠴᠠᠯ ᠤᠨ ᠦᠷ᠎ᠠ | ᠪᠥᠳᠥᠮᠵᠢ ᠶᠢ ᠤᠯᠠᠮ ᠢᠶᠠᠷ ᠪᠠᠬᠢᠵᠢᠬᠦᠯᠵᠤ᠂ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠠᠵᠢᠯ ᠢ ᠪᠥᠬᠦ ᠬᠥᠴᠥᠨ | ᠢᠶᠠᠷ ᠢᠶᠠᠨ ᠰᠡᠶᠢᠳᠤᠷ ᠬᠢᠵᠤ᠂ ︽ᠴᠠᠭᠠᠨ ᠰᠠᠷ᠎ᠠ︾ ᠶᠢᠨ ᠪᠠᠶᠠᠷ ᠪᠤᠯᠤᠨ ᠤᠯᠤᠰ ᠤᠨ ︽ᠬᠤᠶᠠᠷ ᠬᠤᠷᠠᠯ︾ ᠤᠨ | ᠬᠤᠭᠤᠴᠠᠭᠠᠨ ᠤ ᠨᠠᠶᠢᠭᠡᠮ ᠤᠨ ᠶᠡᠭᠡ ᠲᠠᠯ᠎ᠠ ᠪᠤᠯᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠬᠤ ᠭᠡᠷᠡᠭᠳᠡᠢ ᠭᠡᠵᠤ | ᠴᠢᠬᠤᠯᠠᠴᠢᠯᠠᠵᠠᠢ᠃ | ᠬᠤᠪᠢᠰᠬᠠᠯᠳᠤ ᠠᠴᠠ᠂ ᠤᠳᠤᠬᠠᠨ ᠳᠤ ᠬᠢᠵᠢᠭ ᠢ ᠰᠡᠷᠭᠡᠶᠢᠯᠠᠨ ᠡᠵᠡᠮᠳᠠᠬᠦ ᠪᠡᠶᠢᠳᠠᠯ ᠲᠤᠶᠢᠯ ᠤᠨ ᠪᠤᠳᠤᠯᠢᠶᠠᠨ | ᠲᠠᠢ ᠪᠤᠯᠬᠤᠷ᠂ ᠰᠡᠷᠭᠡᠶᠢᠯᠠᠨ ᠡᠵᠡᠮᠳᠠᠬᠦ ᠠᠵᠢᠯ ᠢ ᠦᠴᠥᠭᠡᠨ ᠴᠦ ᠰᠤᠯᠠᠷᠠᠭᠤᠯᠤᠰᠢ ᠦᠭᠡᠢ ᠠᠳᠬᠤᠵᠤ᠂ ᠡᠯ᠎ᠠ | ᠱᠠᠳᠤ᠂ ᠡᠯ᠎ᠠ ᠰᠠᠯᠠᠭ᠎ᠠ ᠮᠥᠴᠢᠷ ᠨᠢ ᠦᠪᠡᠷᠳᠡᠭᠡᠨ ᠵᠠᠰᠠᠬᠤ ᠤᠷᠤᠨ ᠤ ᠬᠢᠵᠢᠭ ᠤᠨ ᠪᠡᠶᠢᠳᠠᠯ ᠢ ᠰᠡᠷᠭᠡᠶᠢᠯᠠᠨ ᠡᠵᠡᠮᠳᠠᠬᠦ | ᠠᠵᠢᠯ ᠤᠨ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ ᠤᠷᠤᠵᠤ ᠭᠠᠷᠬᠤ ᠬᠥᠮᠥᠰ ᠤᠨ ᠠᠮᠠᠪᠴᠢ ᠵᠡᠬᠦᠬᠦ᠂ | ᠪᠠᠶ᠎ᠠ ᠶᠢᠨ ᠬᠠᠯᠠᠭᠤᠨ ᠢ ᠭᠡᠮᠵᠢᠬᠦ᠂ ︽ᠡᠷᠡᠬᠦᠯ ᠮᠠᠨᠳᠤ ᠶᠢᠨ ᠺᠣᠳ᠋︾ ᠶᠢ ᠪᠡᠶᠢᠴᠠᠭᠠᠬᠤ᠂ ᠰᠤᠷᠠᠭ ᠵᠠᠩᠬᠢ ᠶᠢ ᠲᠠᠮᠳᠡᠭᠯᠡᠬᠦ᠂ | ᠠᠷᠢᠭᠤᠳᠬᠠᠬᠤ ᠵᠡᠷᠭᠡ ᠠᠵᠢᠯ ᠢ ᠪᠥᠬᠦ ᠲᠠᠯ᠎ᠠ ᠪᠠᠷ ᠰᠡᠶᠢᠳᠤᠷ ᠬᠢᠵᠤ᠂ ︽ᠴᠢᠬᠤᠯᠠ ᠦᠭᠡᠢ ᠪᠤᠯ ᠬᠤᠰᠢᠭᠤᠨ ᠠᠴᠠ | ᠪᠠᠨ ᠭᠠᠷᠬᠤ ᠦᠭᠡᠢ ᠪᠡᠶᠢᠬᠤ︾᠂ ︽ᠴᠢᠬᠤᠯᠠ ᠦᠭᠡᠢ ᠪᠤᠯ ᠨᠤᠳᠤᠭ ᠲᠠᠭᠠᠨ ᠪᠤᠴᠠᠬᠤ ᠦᠭᠡᠢ ᠪᠡᠶᠢᠬᠤ︾ ᠪᠤᠯᠤᠨ ︽ | ᠴᠢᠬᠤᠯᠠ ᠦᠭᠡᠢ ᠪᠤᠯ ᠴᠤᠭᠯᠠᠭᠠᠨ ᠬᠢᠬᠦ ᠠᠵᠢᠯᠯᠠᠭ᠎ᠠ ᠶᠢ ᠡᠷᠬᠢᠯᠡᠬᠦ ᠦᠭᠡᠢ ᠪᠠᠶᠢᠬᠤ︾ ᠶᠢ ᠰᠠᠨᠠᠭᠠᠴᠢᠯᠠᠵᠤ᠂ ᠬᠢᠵᠢᠭ | ᠤᠨ ᠲᠠᠷᠢᠯᠭ᠎ᠠ ᠲᠠᠯᠪᠢᠬᠤ ᠠᠵᠢᠯ ᠢ ᠰᠡᠶᠢᠳᠤᠷ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠥᠪᠰᠢᠨ ᠪᠠ | ᠪᠠᠶ᠎ᠠ ᠮᠠᠭᠪᠤᠳ ᠤᠨ ᠡᠷᠡᠬᠦᠯ ᠮᠠᠨᠳᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠠᠵᠢ᠃ | ᠬᠤᠪᠢᠰᠬᠠᠯᠳᠤ ᠠᠴᠠ᠂ ᠴᠠᠭᠠᠨ ᠰᠠᠷ᠎ᠠ ᠤᠶᠢᠷᠠᠳᠴᠤ ᠪᠡᠶᠢᠭ᠎ᠠ ᠪᠤᠯᠬᠤᠷ᠂ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ | ᠮᠥᠴᠢᠷ ᠤᠨ ᠨᠠᠮ ᠤᠨ ᠭᠡᠰᠢᠬᠦᠨ ᠺᠠᠳᠠᠷᠴᠤᠳ ᠨᠢ ᠲᠥᠷᠥᠬᠦᠯᠤᠨ᠂ ︽ᠨᠠᠮ ᠵᠠᠰᠠᠭ ᠤᠨ ᠪᠡᠶᠢᠭᠤᠯᠤᠯᠭᠠ ᠨᠢᠭᠡᠴᠠ | ᠶᠢᠨ ᠠᠷᠪᠢᠯᠠᠨ ᠭᠠᠮᠨᠠᠬᠤ ᠶᠢ ᠡᠷᠬᠢᠮᠯᠠᠵᠤ᠂ ᠪᠦᠷᠢᠯᠭᠡᠨ ᠰᠥᠢᠳᠭᠡᠬᠦ ᠶᠢ ᠡᠰᠡᠷᠬᠦᠴᠠᠬᠦ ᠲᠥᠷᠢᠮ︾ ᠪᠤᠯᠤᠨ ᠦᠪᠡᠷᠳᠡᠭᠡᠨ | ᠵᠠᠰᠠᠬᠤ ᠤᠷᠤᠨ ᠤ ᠭᠡᠷᠡᠭᠵᠢᠬᠦᠯᠬᠦ ᠨᠠᠷᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠷᠭᠡᠨ ᠤᠯᠠᠨ ᠺᠠᠳᠠᠷ | ᠠᠵᠢᠯᠳᠠᠨ ᠢ ᠬᠥᠳᠥᠯᠤᠨ ᠵᠢᠯᠤᠭᠤᠳᠴᠤ᠂ ᠲᠤᠰ ᠪᠠᠶ᠎ᠠ ᠠᠴᠠ ᠪᠠᠨ ᠡᠬᠢᠯᠠᠨ ᠭᠡᠷᠡᠭᠵᠢᠬᠦᠯᠵᠤ᠂ ᠪᠤᠯᠪᠠᠰᠤᠨ ᠭᠡᠪ | ᠰᠤᠷᠳᠠᠯ ᠢ ᠰᠠᠨᠠᠭᠠᠴᠢᠯᠠᠨᠨ᠂ ᠰᠢᠨᠵᠢᠯᠡᠬᠦ ᠤᠬᠠᠭᠠᠨᠴᠢ ᠪᠠᠷ ᠬᠤᠭᠤᠯᠠ ᠵᠠᠬᠢᠶᠠᠯᠠᠵᠤ᠂ ︽ᠵᠤᠬᠢᠬᠤ ᠭᠡᠮᠵᠢᠶ᠎ᠠ ᠪᠠᠷ | ᠬᠤᠭᠤᠯᠠ ᠵᠠᠬᠢᠶᠠᠯᠠᠬᠤ᠂ ᠦᠯᠡᠳᠡᠭᠰᠠᠨ ᠬᠤᠭᠤᠯᠠ ᠪᠠᠨ ᠪᠤᠭᠤᠳᠠᠯᠯᠠᠵᠤ ᠠᠪᠬᠤ︾᠂ ︽ᠬᠤᠭᠤᠯᠠ ᠪᠠᠨ ᠪᠥᠬᠦᠨ ᠢ | ᠢᠳᠡᠵᠤ ᠲᠠᠭᠤᠰᠬᠠᠬᠤ ᠠᠵᠢᠯᠯᠠᠭ᠎ᠠ︾ ᠶᠢ ᠤᠬᠠᠮᠰᠠᠷᠳᠤ ᠠᠵᠢᠯᠯᠠᠭ᠎ᠠ ᠪᠤᠯᠭᠠᠨ᠂ ᠭᠡᠷ ᠪᠥᠯᠢ᠂ ᠨᠠᠶᠢᠭᠡᠮ ᠨᠠᠶᠢᠳᠠ ᠳᠤ | ᠦᠯᠢᠭᠡᠷ ᠵᠢᠱᠢᠶ᠎ᠠ ᠪᠤᠯᠬᠤ ᠭᠡᠷᠡᠭᠳᠡᠢ ᠭᠡᠵᠤ ᠴᠢᠬᠤᠯᠠᠴᠢᠯᠠᠵᠠᠢ᠃ | |