ᠬᠦᠪᠡᠭᠡᠲᠦ ᠰᠢᠷ᠎ᠠ ᠬᠤᠰᠢᠭᠤᠨ ᠤ ᠪᠠᠭᠠᠴᠤᠳ ᠤᠨ ᠨᠣᠮ ᠤᠨ ᠰᠠᠩ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/1/14
                                   ᠰᠢᠨᠵᠢᠯᠲᠦ  ᠠᠯᠲᠠᠨᠴᠡᠴᠡᠭ ᠮᠡᠳᠡᠭᠡᠯᠡᠪᠡ       1 ᠰᠠᠷ᠎ᠠ ᠶᠢᠨ 7 ᠤ ᠡᠳᠦᠷ᠂ ᠬᠤᠰᠢᠭᠤᠨ ᠤ ᠪᠠᠭᠠᠴᠤᠳ ᠤᠨ ᠨᠣᠮ ᠤᠨ ᠰᠠᠩ ᠵᠢᠩᠭᠢᠨᠢ ᠪᠠᠷ ᠠᠰᠢᠬᠯᠠᠯᠳᠠ  ᠳᠤ ᠣᠷᠣᠵᠦ᠂ ᠮᠠᠨ ᠤ ᠬᠤᠰᠢᠭᠤᠨ ᠤ ᠪᠠᠭᠠᠴᠤᠳ ᠬᠡᠤᠬᠡᠳ ᠲᠤ ᠨᠡᠩ ᠰᠠᠶᠢᠨ ᠰᠤᠷᠤᠯᠴᠠᠬᠤ ᠡᠬᠢ ᠪᠠᠶᠠᠯᠢᠭ ᠪᠠ ᠣᠷᠴᠢᠨ ᠲᠣᠭᠤᠷᠢᠨ ᠢ ᠬᠠᠨᠭ᠍ᠭᠠᠨ ᠦᠭᠴᠡᠢ᠃       ᠬᠤᠰᠢᠭᠤᠨ ᠤ ᠪᠠᠭᠠᠴᠤᠳ ᠤᠨ ᠨᠣᠮ ᠤᠨ ᠰᠠᠩ ᠤᠨ ᠠᠰᠢᠬᠠᠯᠠᠯᠳᠠ ᠳᠤ ᠣᠷᠣᠬᠰᠠᠨ ᠡᠭᠢᠯᠡᠯᠳᠡ ᠶᠢᠨ ᠶᠣᠰᠣᠯᠠᠯ ᠳᠤ᠂ ᠬᠤᠰᠢᠭᠤᠨ ᠤ ᠣᠳᠣᠷᠢᠳᠣᠯᠭ᠎ᠠ ᠬᠤᠷᠴᠠ᠂ ᠭᠡᠷᠡᠯᠲᠦ᠂ ᠲᠤᠯᠭᠠᠭᠤᠷᠢ᠂ ᠪᠥᠬᠡᠪᠠᠲᠤ ᠨᠠᠷ ᠣᠷᠤᠯᠴᠠᠵᠤ᠂ ᠵᠠᠰᠠᠭ ᠤᠨ ᠣᠷᠳᠣᠨ ᠤ ᠳᠠᠷᠤᠭ᠎ᠠ ᠲᠤᠯᠭᠠᠭᠤᠷᠢ ᠠᠴᠠ ᠪᠠᠭᠠᠴᠤᠳ ᠤᠨ ᠨᠣᠮ ᠤᠨ ᠰᠠᠩ ᠤᠨ ᠵᠢᠩᠬᠢᠨᠢ ᠪᠠᠷ ᠠᠰᠢᠭᠯᠠᠯᠲᠠ ᠳᠤ ᠣᠷᠤᠭᠰᠠᠨ ᠢ ᠵᠠᠷᠯᠠᠵᠦ᠂ ᠪᠠᠶᠠᠷ ᠤᠨ ᠦᠭᠡ ᠭᠡᠯᠡᠵᠡᠢ᠃       ᠶᠤᠰᠤᠯᠠᠯ ᠳᠤ ᠣᠷᠤᠯᠴᠠᠭᠰᠠᠨ ᠤᠳᠤᠷᠢᠳᠤᠯᠭ᠎ᠠ᠂ ᠪᠠᠭᠰᠢ᠂ ᠭᠡᠷ ᠤᠨ ᠠᠬᠠᠮᠠᠳ᠂ ᠪᠠᠭᠠᠴᠤᠳ ᠬᠡᠤᠬᠡᠳ ᠨᠢ ᠨᠣᠮ ᠤᠨ ᠰᠠᠩ ᠤᠨ ᠠᠵᠢᠯᠴᠢᠨ ᠤ ᠳᠠᠭᠠᠭᠤᠯᠭ᠎ᠠ ᠳᠣᠣᠷ᠎ᠠ ᠨᠣᠮ ᠤᠨ ᠰᠠᠩ ᠢ ᠲᠣᠭᠤᠷᠢᠨ ᠦᠵᠡᠵᠦ᠂ ᠠᠬᠠᠮᠠᠳ ᠺᠠᠲᠡᠷ ᠪᠥᠷᠢᠨᠴᠣᠭᠲᠤ ᠪᠣᠯᠤᠨ ᠰᠣ᠂ ᠳᠣᠷᠵᠢᠵᠠᠪ ᠪᠠᠭᠠᠴᠤᠳ ᠤᠨ ᠨᠣᠮ ᠤᠨ ᠰᠠᠩ ᠤᠨ ᠪᠠᠶᠢᠭᠤᠯᠤᠭᠳᠠᠵᠤ ᠠᠰᠢᠭᠯᠠᠯᠲᠠ ᠳᠤ ᠣᠷᠤᠭᠰᠠᠨ ᠳᠤ ᠪᠠᠶᠠᠷ ᠬᠦᠷᠭᠡᠬᠦ ᠶᠢᠨ ᠬᠠᠮᠲᠤ ᠥᠪᠡᠷ ᠤᠨ ᠵᠤᠬᠢᠶᠡᠯ ᠪᠥᠲᠦᠭᠡᠯ ᠢᠶᠠᠨ ᠪᠡᠯᠡᠭᠯᠡᠭᠰᠡᠨ ᠪᠠᠶᠢᠨ᠎ᠠ᠃       ᠶᠣᠰᠤᠯᠠᠯ ᠤᠨ ᠳᠠᠷᠠᠭ᠎ᠠ᠂ ᠰᠠᠭᠤᠳᠠᠯ ᠤᠨ ᠬᠤᠷᠠᠯ ᠭᠢᠵᠦ᠂ ᠪᠠᠭᠠᠴᠤᠳ ᠤᠨ ᠨᠣᠮ ᠤᠨ ᠰᠠᠩ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠤᠷᠤᠭᠴᠢ ᠶᠢ ᠵᠢᠯᠤᠭᠤᠳᠤᠨ ᠬᠢᠴᠢᠶᠡᠯ ᠤᠨ ᠭᠠᠳᠠᠨᠠᠬᠢ ᠨᠣᠮ ᠤᠩᠰᠢᠬᠤ ᠬᠥᠳᠡᠯᠭᠡᠭᠡᠨ ᠳᠤ ᠣᠷᠤᠯᠴᠠᠭᠤᠯᠵᠤ᠂ ᠪᠠᠭᠠᠴᠤᠳ ᠤᠨ ᠨᠣᠮ ᠤᠨ ᠰᠠᠩ ᠢ ᠰᠤᠷᠤᠭᠴᠢᠳ ᠲᠤ ᠲᠠᠨᠢᠯᠴᠠᠭᠤᠯᠤᠨ ᠢᠯᠡᠭᠦᠦ ᠠᠰᠢᠭᠯᠠᠬᠤ ᠶᠢ ᠤᠬᠠᠭᠤᠯᠬᠤ ᠲᠤᠬᠠᠢ ᠰᠣᠳᠣᠯᠣᠨ ᠶᠠᠷᠢᠯᠴᠠᠵᠦ᠂ ᠬᠤᠰᠢᠭᠤᠨ ᠤ ᠰᠣᠶᠤᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠡᠨ ᠤ ᠬᠠᠷᠢᠭᠤᠴᠠᠯᠭᠠᠲᠠᠨ ᠠᠴᠠ᠂ ᠪᠠᠭᠠᠴᠤᠳ ᠤᠨ ᠨᠣᠮ ᠤᠨ ᠰᠠᠩ ᠨᠢ ᠠᠮᠵᠢᠯᠲᠠ ᠲᠠᠢ ᠠᠰᠢᠭᠯᠠᠯᠲᠠ ᠳᠤ ᠣᠷᠣᠯ᠎ᠠ᠂ ᠬᠤᠶᠢᠰᠢᠲᠡ ᠰᠢᠯᠢᠳᠡᠭ ᠰᠠᠶᠢᠨ ᠨᠣᠮ ᠤᠨ ᠬᠠᠳᠠᠭᠠᠯᠠᠯᠲᠠ ᠪᠠᠨ ᠨᠡᠮᠡᠭᠳᠡᠭᠦᠯᠵᠦ᠂ ᠪᠠᠭᠠᠴᠤᠳ ᠬᠡᠤᠬᠡᠳ ᠲᠤ ᠪᠠᠨ ᠨᠡᠩ ᠰᠠᠶᠢᠨ ᠰᠤᠷᠤᠯᠴᠠᠬᠤ ᠡᠬᠢ ᠪᠠᠶᠠᠯᠢᠭ ᠪᠠ ᠣᠷᠴᠢᠨ ᠲᠣᠭᠤᠷᠢᠨ ᠢ ᠬᠠᠩᠭᠠᠵᠤ᠂ ᠮᠠᠨ ᠤ ᠬᠤᠰᠢᠭᠤᠨ ᠤ ᠴᠢᠳᠠᠪᠤᠷᠢᠲᠠᠨ ᠬᠥᠮᠥᠵᠢᠭᠦᠯᠬᠦ ᠠᠵᠢᠯ ᠳᠤ ᠬᠤᠪᠢ ᠨᠡᠮᠡᠷᠢ ᠦᠵᠡᠭᠦᠯᠦᠨ᠎ᠡ ᠭᠡᠵᠦ  ᠢᠯᠡᠷᠭᠡᠶᠢᠯᠡᠵᠡᠢ᠃        ᠮᠠᠨ ᠤ ᠬᠤᠰᠢᠭᠤᠨ ᠤ ᠪᠠᠭᠠᠴᠤᠳ ᠤᠨ ᠨᠣᠮ ᠤᠨ ᠰᠠᠩ ᠨᠢ 58 ᠲᠥᠮᠡᠨ ᠲᠥᠭᠦᠷᠢᠭ ᠤᠨ ᠪᠡᠯᠡ ᠣᠷᠤᠭᠤᠯᠵᠤ᠂ ᠳᠡᠭᠡᠷ᠎ᠡ ᠳᠤᠤᠷ᠎ᠡ ᠬᠤᠶᠠᠷ ᠳᠠᠪᠬᠤᠷᠭ᠎ᠠ ᠲᠠᠢ᠂ ᠨᠡᠶᠢᠲᠡ ᠲᠠᠯᠠᠪᠠᠢ ᠨᠢ 350 ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡᠳᠦᠭᠡᠷ ᠳᠠᠪᠬᠤᠷᠭ᠎ᠠ ᠳᠤ ᠪᠠᠭᠠᠴᠤᠳ ᠲᠤ ᠳᠣᠬᠢᠷᠠᠬᠤ ᠡᠯ᠎ᠡ ᠲᠥᠷᠦᠯ ᠤᠨ ᠰᠤᠩᠭᠤᠳᠠᠭ ᠨᠣᠮ ᠪᠢᠴᠢᠭ ᠢᠶᠠᠷ ᠭᠤᠤᠯᠯᠠᠵᠤ᠂ ᠬᠡᠷᠡᠮ ᠤᠨ ᠵᠢᠷᠤᠭ ᠤᠨ ᠲᠡᠭᠦᠪᠦᠷᠢ ᠳᠤ ᠮᠠᠨ ᠤ ᠬᠤᠰᠢᠭᠤ ᠪᠠᠷ ᠨᠤᠲᠤᠭ ᠲᠠᠢ ᠤᠯᠤᠰ ᠤᠨ ᠲᠣᠲᠤᠭᠠᠳᠤ ᠭᠠᠳᠠᠭᠠᠳᠤ ᠳᠤ ᠠᠵᠢᠯᠯᠠᠵᠤ ᠰᠤᠷᠤᠯᠴᠠᠵᠤ ᠪᠠᠶᠢᠭ᠎ᠠ ᠲᠥᠯᠦᠭᠡᠯᠡᠭᠴᠢ ᠬᠥᠮᠥᠰ ᠪᠠ ᠨᠡᠶᠢᠭᠡᠮ ᠤᠨ ᠡᠯ᠎ᠡ ᠠᠵᠢᠯ ᠤᠨ ᠹᠷᠣᠨᠲ ᠲᠠᠬᠢ ᠵᠢᠱᠢᠶ᠎ᠡ ᠳᠠᠭᠤᠷᠢᠶᠠᠯ ᠪᠣᠯᠬᠤ ᠨᠤᠲᠤᠭ ᠤᠨ ᠨᠡᠷᠡᠲᠦ ᠬᠥᠮᠥᠰ ᠢ ᠲᠠᠨᠢᠯᠴᠠᠭᠤᠯᠵᠤ᠂ ᠬᠤᠶᠠᠳᠤᠭᠠᠷ ᠳᠠᠪᠬᠤᠷᠭ᠎ᠠ ᠳᠤ ᠵᠠᠩ ᠦᠢᠯᠡ ᠵᠢᠴᠢ《 ᠪᠣᠳᠠᠰ ᠤᠨ ᠪᠣᠰᠤ ᠰᠤᠶᠤᠯ ᠤᠨ ᠥᠪ》 ᠢ ᠲᠠᠨᠢᠯᠴᠠᠭᠤᠯᠬᠤ ᠪᠠᠷ ᠭᠤᠣᠯᠳᠠᠭᠤᠯᠵᠤ᠂ ᠲᠤᠬᠠᠢ ᠶᠢᠨ ᠲᠠᠯᠠᠪᠤᠷ ᠲᠤ ᠬᠢᠴᠢᠶᠡᠯ ᠲᠠᠶᠢᠯᠤᠮᠵᠢ ᠬᠢᠬᠦ ᠨᠥᠬᠦᠴᠡᠯ ᠢ ᠪᠥᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号