ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ ᠬᠤᠪᠢᠰᠬᠠᠯᠲᠤ ᠪᠠᠶᠠᠨᠲᠠᠯ᠎ᠠ ᠪᠠᠯᠭᠠᠰᠤᠨ ᠳᠤ  ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2021/1/14
    ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ ᠬᠤᠪᠢᠰᠬᠠᠯᠲᠤ᠂ ᠪᠠᠶᠠᠨᠳᠠᠯ᠎ᠠ ᠪᠠᠯᠭᠠᠰᠣᠨ ᠳᠤ ᠬᠦᠷᠴᠦ᠂ ᠡᠪᠦᠯ ᠤᠨ ᠣᠯᠠᠷᠢᠯ ᠤᠨ ᠮᠠᠯ ᠠᠵᠣ ᠠᠬᠤᠢ᠂ ᠭᠠᠮᠰᠢᠭ ᠢ ᠰᠡᠷᠭᠡᠶᠢᠯᠡᠬᠦ᠂ ᠭᠠᠴᠠᠭᠠᠨ ᠤ ᠬᠤᠶᠠᠷ ᠵᠦᠪᠯᠡᠯ ᠤᠨ ᠬᠤᠭᠤᠴᠠᠭ᠎ᠠ ᠰᠣᠯᠢᠬᠤ ᠰᠤᠩᠭᠤᠭᠤᠯᠢ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠣᠪᠠ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ ᠬᠤᠪᠢᠰᠬᠠᠯᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠭᠠᠲᠤᠷ ᠵᠢᠴᠢ ᠵᠠᠰᠠᠭ ᠤᠨ ᠤᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠭᠡ ᠮᠡᠷᠭᠡᠵᠢᠯ ᠤᠨ ᠳᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ ᠶᠢᠨ ᠳᠣᠪᠴᠢᠶ᠎ᠠ᠂ ᠪᠠᠶᠠᠨᠲᠠᠯ᠎ᠠ ᠪᠠᠯᠭᠠᠰᠠᠤᠨ ᠤ ᠵᠠᠰᠠᠭ ᠤᠨ ᠣᠷᠳᠤᠨ ᠤᠨ ᠬᠠᠷᠢᠭᠤᠴᠠᠯᠭᠠᠳᠠᠨ ᠲᠠᠢ ᠬᠠᠮᠳᠣᠪᠠᠷ᠂ ᠪᠠᠶᠠᠨᠲᠠᠯ᠎ᠠ ᠪᠠᠯᠭᠠᠰᠣᠨ ᠤ ᠰᠠᠶᠢᠨ ᠤᠰᠤ᠂ ᠣᠪᠤᠭᠠᠨ ᠭᠤᠣᠯ᠂ ᠲᠠᠯ᠎ᠠ ᠶᠢᠨ ᠤᠰᠤ᠂ ᠪᠠᠭ᠎ᠠ ᠳᠠᠪᠣᠰᠣ᠂ ᠬᠦᠨᠳᠡᠯᠡᠨ᠂ ᠬᠠᠨ ᠠᠭᠤᠯᠠ᠂ ᠬᠤᠲᠠ ᠶᠢᠨ ᠭᠤᠣᠯ᠂ ᠣᠯᠠᠭᠠᠨ ᠲᠤᠭ ᠵᠡᠷᠭᠡ ᠭᠠᠴᠠᠭ᠎ᠠ ᠪᠠ ᠪᠠᠶᠠᠨᠲᠠᠯ᠎ᠠ ᠪᠠᠯᠭᠠᠰᠣᠨ ᠤ ᠭᠤᠣᠯᠳᠠᠯᠭᠠᠲᠣ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠭᠦᠷᠴᠣ᠂ ᠪᠠᠶᠢᠴᠠᠭᠠᠨ ᠰᠣᠳᠣᠯᠣᠯᠳᠠ ᠭᠢᠵᠡᠢ᠃      ᠬᠤᠪᠢᠰᠬᠠᠯᠳᠣ᠂ ᠪᠠᠶᠠᠨᠲᠠᠯ᠎ᠠ ᠪᠠᠯᠭᠠᠰᠣᠨ ᠤ ᠭᠤᠣᠯᠳᠠᠯᠭᠠᠲᠤ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠢᠵᠢᠭ ᠤᠨ ᠪᠠᠶᠢᠳᠠᠯ ᠰᠡᠷᠭᠡᠶᠢᠯᠡᠨ ᠡᠵᠡᠮᠳᠡᠬᠦ ᠠᠵᠢᠯ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠦᠭᠡᠴᠡᠯᠡᠭᠰᠡᠨ ᠪᠠᠶᠢᠳᠠᠯ᠂ ᠲᠣᠰᠠᠭᠠᠷᠯᠠᠬᠤ ᠦᠷᠦᠭᠡᠨ ᠤ ᠲᠣᠬᠢᠷᠠᠭᠤᠯᠤᠯᠲᠠ᠂ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠠᠮᠢᠶᠠᠷᠣᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠦ᠂ ᠡᠮᠨᠡᠯᠭᠡ ᠳᠤ ᠤᠷᠤᠵᠣ ᠭᠠᠷᠬᠤ ᠬᠦᠮᠦᠰ ᠤᠨ ᠪᠠᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠭᠦ᠂ ᠡᠷᠡᠭᠦᠯ ᠮᠡᠨᠳᠦ ᠶᠢᠨ ᠺᠤᠳ᠋ ᠢ ᠰᠢᠷᠪᠢᠬᠦ ᠵᠡᠷᠭᠡ ᠲᠠᠯ᠎ᠠ ᠶᠢᠨ ᠠᠵᠢᠯ ᠢ ᠰᠠᠶᠢᠳᠣᠷ ᠬᠢᠬᠦ ᠶᠢ ᠱᠠᠭᠠᠷᠳᠠᠵᠠᠢ᠃      ᠬᠤᠪᠢᠰᠬᠠᠯᠲᠤ ᠠᠴᠠ ᠡᠯ᠎ᠡ ᠰᠣᠮᠣ ᠪᠠᠯᠭᠠᠰᠤ᠂ ᠡᠯ᠎ᠡ ᠰᠠᠯᠠᠭ᠎ᠠ ᠮᠦᠴᠢᠷ ᠨᠢ ᠡᠪᠦᠯ ᠤᠨ ᠣᠯᠠᠷᠢᠯ ᠤᠨ ᠮᠠᠯ ᠠᠵᠣ ᠠᠬᠤᠢ ᠶᠢᠨ ᠠᠵᠢᠯ᠂ ᠮᠠᠯᠴᠢᠳ ᠤᠨ ᠡᠪᠡᠰᠦ ᠪᠣᠷᠳᠤᠭ᠎ᠠ ᠨᠦᠭᠡᠴᠡᠯᠡᠭᠦ᠂ ᠡᠪᠦᠯᠵᠢᠭᠦ ᠮᠠᠯ ᠤᠨ ᠮᠡᠨᠳᠣ ᠣᠨᠳᠣᠷᠣᠬᠤ ᠵᠡᠷᠭᠡ ᠠᠵᠢᠯ ᠢ ᠦᠷᠭᠦᠯᠵᠢᠯᠡᠨ ᠰᠠᠶᠢᠳᠣᠷ ᠵᠢᠯᠣᠭᠤᠳᠴᠤ᠂ ᠮᠠᠯᠴᠢᠨ ᠲᠦᠮᠡᠨ ᠤ ᠭᠡᠮ ᠬᠢᠵᠢᠭ ᠢ ᠰᠡᠷᠭᠡᠶᠢᠯᠡᠨ ᠵᠠᠰᠠᠬᠤ ᠤᠬᠠᠮᠰᠠᠷ ᠢ ᠲᠠᠰᠣᠷᠠᠯᠲᠠ ᠦᠭᠡᠢ ᠨᠡᠮᠡᠭᠳᠡᠭᠦᠯᠭᠦ ᠬᠡᠷᠡᠭᠲᠡᠢ ᠭᠡᠵᠥ ᠴᠢᠬᠤᠯᠠᠴᠢᠯᠠᠪᠠ᠃      ᠬᠤᠪᠢᠰᠬᠠᠯᠲᠤ᠂ ᠭᠠᠴᠠᠭᠠᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠬᠠᠢ ᠪᠠᠶᠢᠴᠠᠭᠠᠨ ᠵᠢᠯᠣᠭᠤᠳᠬᠤ ᠳᠠᠭᠠᠨ᠄ ᠭᠠᠴᠠᠭᠠᠨ ᠤ ︽ᠬᠤᠶᠠᠷ ᠵᠦᠪᠯᠡᠯ︾ ᠤᠨ ᠪᠠᠭ ᠢ ᠲᠡᠭᠦᠯᠳᠡᠷᠵᠢᠭᠦᠯᠬᠦ ᠨᠢ ᠦᠨᠳᠦᠰᠦᠨ ᠱᠠᠲᠤᠨ ᠤ ᠨᠠᠮ ᠤᠨ ᠲᠥᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠣᠷᠢᠵᠢᠭᠤᠯᠬᠤ᠂ ᠮᠠᠯᠵᠢᠬᠤ ᠤᠷᠤᠨ ᠤ ᠬᠦᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠲᠣᠯᠠᠬᠤ ᠪᠤᠯᠬᠤᠷ ᠡᠯ᠎ᠡ ᠰᠣᠮᠣ ᠪᠠᠯᠭᠠᠰᠣ ᠨᠢ ᠦᠵᠡᠯ ᠰᠠᠨᠠᠭ᠎ᠠ ᠪᠠᠨ ᠳᠡᠭᠡᠭᠰᠢᠯᠡᠭᠦᠯᠵᠥ᠂ ᠭᠠᠴᠠᠭᠠᠨ ᠤ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠡᠵᠡᠮᠰᠢᠨ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠲᠤ ᠶᠢ ᠰᠠᠶᠢᠳᠣᠷ ᠰᠠᠭᠢᠵᠦ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢ ᠭᠦᠢᠴᠡᠳ ᠤᠶᠢᠯᠠᠭᠠᠭᠰᠠᠨ ᠰᠠᠭᠤᠷᠢᠨ ᠳᠡᠭᠡᠷ᠎ᠡ᠂ ᠭᠠᠴᠠᠭᠠᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ᠂ ᠰᠤᠩᠭᠤᠭᠤᠯᠢ ᠶᠢᠨ ᠠᠷᠠᠳ ᠢ ᠪᠦᠷᠢᠳᠬᠡᠬᠦ᠂ ᠵᠣᠬᠢᠶᠠᠨ ᠪᠠᠶᠢᠭᠤᠯᠬᠤ ᠠᠵᠢᠯ ᠢ ᠰᠠᠶᠢᠳᠣᠷ ᠬᠢᠬᠦ ᠬᠡᠷᠡᠭᠲᠡᠢ ᠭᠡᠵᠥ ᠴᠢᠬᠤᠯᠠᠴᠢᠯᠠᠵᠠᠢ᠃       ᠪᠠᠶᠢᠴᠠᠭᠠᠨ ᠰᠣᠳᠣᠯᠣᠯᠳᠠ ᠳᠣᠮᠳᠠ ᠬᠤᠪᠢᠰᠬᠠᠯᠲᠤ᠂ ᠤᠶᠢᠷ᠎ᠠ ᠳᠤ ᠾᠧᠪᠧᠢ ᠮᠤᠵᠢ ᠶᠢᠨ ᠱᠢ ᠵᠢᠶᠠ ᠵᠣᠸᠠᠩ ᠵᠡᠷᠭᠡ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠢᠵᠢᠭ ᠬᠦᠨᠳᠦ ᠨᠦᠴᠢᠲᠡᠢ ᠪᠠᠶᠢᠵᠣ᠂ ᠴᠠᠭᠠᠨ ᠰᠠᠷ᠎ᠠ ᠪᠣᠯᠬᠤ ᠶᠢ ᠳᠠᠭᠠᠯᠳᠣᠨ ᠶᠡᠭᠡ ᠳᠡᠭᠡᠳᠦ ᠰᠣᠷᠭᠠᠭᠤᠯᠢ ᠡᠪᠦᠯ ᠤᠨ ᠠᠮᠠᠷᠠᠯᠲᠠ ᠲᠠᠯᠪᠢᠵᠤ᠂ ᠬᠦᠮᠦᠨ ᠠᠮᠠ ᠶᠢᠨ ᠭᠦᠢᠯᠭᠡᠭᠡ ᠨᠡᠮᠡᠭᠳᠡᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠢᠷᠳᠡᠯ ᠢ ᠠᠪᠴᠢᠷᠠᠵᠠᠢ᠃ ᠡᠯ᠎ᠡ ᠰᠣᠮᠣ ᠪᠠᠯᠭᠠᠰᠣ᠂ ᠪᠠᠶᠢᠭᠤᠯᠭ᠎ᠠ ᠨᠢᠭᠡᠴᠡ ᠨᠢ ᠠᠶᠤᠯ ᠳᠦᠭᠰᠢᠭᠦᠷᠢ ᠶᠢᠨ ᠤᠬᠠᠮᠰᠠᠷ ᠢᠶᠠᠨ ᠲᠠᠰᠣᠷᠠᠯᠲᠠ ᠦᠭᠡᠢ ᠳᠡᠭᠡᠭᠰᠢᠯᠡᠭᠦᠯᠵᠥ᠂ ᠬᠢᠵᠢᠭ ᠤᠨ ᠪᠠᠶᠢᠳᠠᠯ ᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ︽ᠭᠠᠳᠠᠭᠠᠳᠣ ᠠᠴᠠ ᠭᠢᠵᠢᠭ ᠲᠠᠷᠬᠠᠨ ᠣᠷᠣᠬᠤ ᠶᠢ ᠰᠡᠷᠭᠡᠶᠢᠯᠡᠭᠦ᠂ ᠳᠣᠲᠣᠭᠠᠳᠣ ᠳᠤ ᠪᠠᠨ ᠳᠡᠯᠭᠡᠷᠡᠭᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠠᠵᠠᠷ ᠤᠷᠤᠨ ᠤ ᠶᠠᠪᠤᠵᠤ ᠢᠷᠡᠬᠦ ᠬᠦᠮᠦᠰ ᠢ ᠴᠢᠩᠭ᠎ᠠ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠠᠰᠣᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠥ ᠴᠢᠬᠤᠯᠠᠴᠢᠯᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号