ᠬᠦᠪᠡᠭᠡᠳᠤ ᠰᠢᠷ᠎ᠠ ᠬᠤᠰᠢᠭᠤ ᠦᠪᠡᠷᠮᠢᠴᠡ ᠤᠨᠴᠠᠯᠢᠬᠳᠤ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠰᠢᠨ᠎ᠠ ᠵᠠᠬᠪᠦᠷ ᠢ ᠲᠦᠬᠡᠮᠡᠯᠵᠢᠬᠦᠯᠵᠤ ᠨᠠᠰᠤᠳᠡᠶᠢᠴᠤᠳ ᠤᠨ ᠦᠳᠡᠯᠦᠬᠡ ᠨᠠᠰᠤᠨ ᠤ ᠠᠮᠢᠳᠤᠷᠠᠯ ᠳᠤ ᠪᠠᠳᠤᠯᠠᠭ᠎ᠠ ᠬᠠᠨᠭ᠍ᠭᠠᠵᠤ ᠪᠠᠶᠢᠨ᠎ᠠ
ᠨᠡᠶᠢᠲᠡᠯᠡᠭᠰᠡᠨ ᠴᠠᠭ᠄
2021/1/20
      ᠭᠦᠪᠡᠭᠡᠳᠤ ᠰᠢᠷ᠎ᠡ ᠬᠤᠰᠢᠭᠤ ᠨᠠᠰᠤᠳᠠᠶᠢᠴᠤᠤᠠ ᠤᠨ ᠠᠰᠠᠷᠠᠮᠵᠢ ᠶᠢᠨ ᠦᠢᠯᠡᠴᠢᠯᠡᠭᠡᠡ ᠤ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠭᠢᠭᠤᠯᠵᠤ᠂ ᠮᠠᠯᠵᠢᠬᠤ ᠤᠷᠤᠠ ᠤ ᠨᠠᠰᠤᠳᠠᠶᠢᠴᠤᠤᠠ ᠤᠨ ᠲᠠᠷᠠᠬᠠᠢ ᠪᠤᠳᠠᠷᠬᠠᠢ ᠰᠠᠭᠤᠷᠢᠰᠢᠵᠤ ᠪᠠᠶᠢᠭ᠎ᠠ ᠪᠤᠳᠠᠳᠠᠢ ᠠᠴᠠ ᠡᠭᠦᠰᠦᠡ᠂ ᠦᠪᠡᠷᠮᠢᠴᠠ ᠤᠨᠴᠠᠯᠢᠬᠳᠤ ᠮᠠᠯᠵᠢᠬᠤ ᠤᠷᠤᠠ ᠤ ᠨᠠᠰᠤᠳᠠᠶᠢᠴᠤᠤᠠ ᠤᠨ ᠠᠰᠠᠷᠠᠮᠵᠢ ᠶᠢᠨ ᠰᠢᠨ᠎ᠡ ᠭᠡᠪ ᠵᠠᠭᠪᠤᠷ ᠢ ᠲᠦᠭᠡᠮᠡᠯᠵᠢᠭᠦᠯᠵᠤ᠂ ᠨᠠᠰᠤᠳᠠᠶᠢᠴᠤᠤᠠ ᠤᠨ ᠠᠰᠠᠷᠠᠮᠵᠢ ᠶᠢᠨ ᠦᠢᠯᠡᠴᠢᠯᠡᠭᠡᠡ ᠤ ᠭᠦᠷᠢᠶ᠎ᠡ ᠭᠡᠪᠴᠢᠶ᠎ᠡ ᠶᠢ ᠲᠠᠰᠤᠷᠠᠯᠳᠠ ᠦᠭᠡᠢ ᠦᠷᠭᠡᠵᠢᠭᠦᠯᠦᠡ᠂ ᠨᠠᠰᠤᠳᠠᠶᠢᠴᠤᠤᠠ ᠤᠨ ᠦᠳᠡᠯᠦᠭᠡ ᠨᠠᠰᠤᠠ ᠤ ᠠᠮᠢᠳᠤᠷᠠᠯ ᠳᠤ ᠪᠠᠳᠤᠯᠠᠭ᠎ᠠ ᠬᠠᠨᠭ᠍ᠭᠠᠵᠤ ᠪᠠᠶᠢᠨ᠎ᠡ᠃       ᠬᠦᠪᠡᠭᠡᠳᠤ ᠰᠢᠷ᠎ᠠ ᠬᠤᠰᠢᠭᠤᠨ ᠤ ︽ᠳᠤᠯᠠᠭᠠᠨ︾ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠬᠦᠷᠢᠶᠡᠯᠡᠩ ᠳᠤᠭᠤᠷᠢᠬ ᠲᠤ᠂ ᠨᠠᠰᠤᠳᠡᠶᠢᠴᠤᠳ ᠨᠤᠮ ᠤᠡᠭᠰᠢᠨ᠂ ᠪᠡᠶ᠎ᠠ ᠪᠠᠨ ᠪᠤᠯᠪᠠᠰᠤᠷᠠᠭᠤᠯᠤᠨ᠂ ᠦᠳᠡᠯᠦᠬᠡ ᠨᠠᠰᠤ ᠪᠠᠨ ᠤᠳᠬ᠎ᠠ ᠠᠭᠤᠯᠭ᠎ᠠ ᠲᠠᠢ ᠦᠡᠭᠭᠡᠷᠡᠭᠦᠯᠦᠨ᠎ᠠ᠃ ᠡᠨᠡ ᠬᠡᠳᠤᠨ ᠵᠢᠯ᠂ ᠬᠦᠷᠢᠶᠡᠯᠡᠩ ᠳᠤᠭᠤᠷᠢᠬ ᠤᠨ ᠬᠢᠨ ᠰᠤᠶᠤᠯ ᠳᠠᠮᠢᠷ ᠤᠨ ᠠᠵᠢᠯᠯᠠᠭᠠᠨ ᠤ ᠳᠠᠰᠤᠬ᠂ ᠡᠷᠡᠬᠦᠯᠵᠢᠯ ᠤᠨ ᠲᠦᠪ᠂ ᠠᠷᠠᠳ ᠲᠤ ᠲᠦᠬᠦᠮ ᠦᠵᠡᠬᠦᠯᠬᠦ ᠴᠢᠯᠦᠬᠡᠳᠤ ᠳᠡᠯᠬᠡᠬᠦᠷ ᠵᠡᠷᠭᠡ ᠦᠢᠯᠡᠴᠢᠯᠡᠬᠡᠨ ᠤ ᠲᠦᠬᠦᠬᠡᠷᠤᠮᠵᠢ ᠪᠠᠨ ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠮᠠᠯᠵᠢᠬᠤ ᠤᠷᠤᠨ ᠤ ᠨᠠᠰᠤᠳᠡᠶᠢᠴᠤᠳ ᠤᠨ ᠦᠳᠡᠯᠦᠬᠡ ᠨᠠᠰᠤ ᠪᠠᠨ ᠠᠮᠤᠷ ᠵᠢᠷᠭᠠᠯᠳᠠᠢ ᠦᠡᠭᠭᠡᠷᠡᠬᠦᠯᠬᠦ ᠳᠤ ᠲᠦᠬᠦᠮ ᠦᠵᠡᠬᠦᠯᠵᠤ ᠪᠠᠶᠢᠨ᠎ᠠ᠃       ᠬᠦᠪᠡᠭᠡᠳᠤ ᠰᠢᠷ᠎ᠠ ᠬᠤᠰᠢᠭᠤᠨ ᠳᠤ ᠵᠢᠷᠠᠨ ᠨᠠᠰᠤᠨ ᠠᠴᠠ ᠳᠡᠭᠡᠭᠰᠢᠬᠢ ᠨᠠᠰᠤᠳᠡᠶᠢᠴᠤᠳ 5489 ᠬᠦᠮᠦᠨ ᠪᠠᠶᠢᠵᠤ᠂ ᠶᠡᠷᠦᠩᠬᠡᠢ ᠬᠦᠮᠦᠨ ᠠᠮᠠ ᠶᠢᠨ 17.7% ᠶᠢ ᠡᠵᠡᠯᠡᠵᠤ ᠪᠠᠶᠢᠨ᠎ᠠ᠃ ᠡᠬᠦᠨ ᠳᠤ ᠮᠠᠯᠵᠢᠬᠤ ᠤᠷᠤᠨ ᠤ ᠨᠠᠰᠤᠳᠡᠶᠢᠴᠤᠳ 3063 ᠬᠦᠮᠦᠨ ᠪᠠᠶᠢᠵᠤ᠂ ᠪᠦᠬᠦ ᠬᠤᠰᠢᠭᠤᠨ ᠤ ᠨᠠᠰᠤᠳᠡᠶᠢᠴᠤᠳ ᠤᠨ 55.8% ᠶᠢ ᠡᠵᠡᠯᠡᠵᠤ ᠪᠠᠶᠢᠨ᠎ᠠ᠃ ᠬᠦᠮᠦᠨ ᠠᠮᠠ ᠶᠢᠨ ᠨᠠᠰᠤᠵᠢᠯ ᠤᠨ ᠬᠠᠨᠳᠤᠰᠢ ᠶᠢ ᠳᠠᠭᠠᠯᠳᠤᠨ᠂ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠱᠠᠭᠠᠷᠳᠠᠯᠭ᠎ᠠ ᠴᠤ ᠡᠳᠤᠷ ᠢᠷᠡᠬᠦᠶ᠎ᠠ ᠨᠡᠮᠡᠭᠳᠡᠵᠤ ᠪᠠᠶᠢᠨ᠎ᠠ᠃       2018 ᠤᠨ ᠳᠤ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ᠂ ᠪᠠᠶᠢᠭᠤᠯᠤᠮᠵᠢ ᠶᠢᠨ ᠨᠠᠰᠤᠳᠡᠶᠢᠴᠤᠳ ᠤᠨ ᠠᠰᠠᠷᠠᠮᠵᠢ᠂ ᠭᠡᠷ ᠪᠦᠯᠢ ᠶᠢᠨ ᠨᠠᠰᠤᠳᠡᠶᠢᠴᠤᠳ ᠤᠨ ᠠᠰᠠᠷᠠᠮᠵᠢ᠂ ᠡᠳᠤᠷ ᠳᠤᠳᠤᠮ ᠤᠨ ᠬᠠᠷᠠᠵᠤ ᠬᠠᠷᠠᠭᠠᠯᠵᠠᠬᠤ ᠲᠦᠪ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠬᠰᠠᠨ ︽ᠳᠠᠪᠤ ᠶᠢ ᠨᠢᠭᠡ ᠴᠤᠬᠴᠠᠵᠢᠭᠤᠯᠤᠬᠰᠠᠨ︾ ᠬᠦᠪᠡᠭᠡᠳᠤ ᠰᠢᠷ᠎ᠠ ᠬᠤᠰᠢᠭᠤᠨ ᠤ ︽ᠳᠤᠯᠠᠭᠠᠨ︾ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠬᠦᠷᠢᠶᠡᠯᠡᠩ ᠵᠢᠩᠬᠢᠨᠢ ᠪᠠᠷ ᠠᠰᠢᠬᠯᠠᠯᠳᠠ ᠳᠤ ᠤᠷᠤᠵᠠᠢ᠃ ᠡᠨᠡ ᠨᠢ ᠨᠠᠰᠤᠳᠡᠶᠢᠴᠤᠳ ᠤᠨ ᠦᠳᠡᠯᠦᠬᠡ ᠨᠠᠰᠤᠨ ᠤ ᠠᠮᠢᠳᠤᠷᠠᠯ ᠳᠤ ᠯᠤᠳᠤ ᠶᠡᠭᠡ ᠬᠤᠪᠢᠷᠠᠯᠳᠠ ᠲᠠᠢ ᠪᠤᠯᠭᠠᠵᠤ᠂ ᠳᠡᠳᠡᠨᠠᠷ ᠤᠨ ᠵᠤᠯ ᠵᠢᠷᠭᠠᠯ ᠤᠨ ᠲᠦᠷᠦᠭᠳᠡᠯ ᠢ ᠢᠯᠡᠷᠬᠡᠢ ᠳᠡᠭᠡᠭᠰᠢᠯᠡᠬᠦᠯᠦᠭᠰᠡᠨ ᠪᠠᠶᠢᠨ᠎ᠠ᠃       ᠤᠢᠢᠷ᠎ᠡ ᠶᠢᠨ ᠵᠢᠯ᠂ ᠬᠦᠪᠡᠭᠡᠳᠤ ᠰᠢᠷ᠎ᠠ ᠬᠤᠰᠢᠭᠤ ᠡᠬᠢ ᠪᠠᠶᠠᠯᠢᠬ ᠢ ᠬᠠᠮᠳᠤᠪᠡᠷ ᠡᠳ᠋ᠯᠡᠬᠦ᠂ ᠦᠨᠳᠤᠷ ᠦᠷ᠎ᠠ ᠠᠰᠢᠬᠳᠤ᠂ ᠲᠦᠬᠦᠮ ᠲᠦᠳᠡ ᠤᠢᠢᠯᠠᠭᠠᠬᠳᠠᠬᠤᠨ ᠢ ᠪᠠᠷᠢᠮᠳᠠᠯᠠᠵᠤ᠂ ᠨᠠᠰᠤᠳᠡᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠳᠤᠯᠠᠭᠠᠯᠠᠭ᠎ᠠ ᠬᠠᠨᠭ᠍ᠭᠠᠬᠤ᠂ ᠤᠰᠤ ᠬᠠᠨᠭ᠍ᠭᠠᠬᠤ ᠵᠡᠷᠭᠡ ᠡᠯ᠎ᠠ ᠲᠦᠷᠦᠯ ᠤᠨ ᠲᠦᠬᠦᠭᠡᠷᠤᠮᠵᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠵᠡᠮᠳᠡᠭᠴᠤᠳ ᠤᠨ ᠨᠠᠶᠢᠳᠠᠨ ᠠᠰᠠᠷᠠᠭᠤᠯᠬᠤ ᠲᠦᠪ᠂ ︽12349︾ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠳᠡᠪᠴᠡᠩ᠂ ᠨᠡᠶᠢᠬᠡᠮ ᠳᠤᠭᠤᠷᠢᠬ ᠤᠨ ᠦᠢᠯᠡᠴᠢᠯᠡᠬᠡᠨ ᠤ ᠲᠦᠪ ᠲᠤ ᠲᠦᠰᠢᠭᠯᠡᠨ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠲᠠᠢ ᠬᠦᠷᠰᠢᠯᠡᠵᠤ ᠪᠠᠶᠢᠭ᠎ᠠ ᠵᠠᠮ ᠬᠠᠷᠢᠯᠴᠠᠭᠠᠨ ᠤ ᠳᠠᠪᠠᠭᠤᠯᠢᠬ ᠢ ᠠᠰᠢᠬᠯᠠᠨ᠂ ᠨᠠᠰᠤᠳᠡᠶᠢᠴᠤᠳ ᠲᠤ ᠬᠤᠭᠤᠯᠠ ᠤᠮᠳᠠ᠂ ᠡᠮ ᠡᠮᠨᠡᠯᠭᠡ ᠡᠷᠡᠬᠦᠯᠵᠢᠯ᠂ ᠰᠤᠶᠤᠯ ᠵᠤᠭ᠎ᠠ ᠴᠡᠩᠭᠡᠯ ᠤᠨ ᠦᠢᠯᠡᠴᠢᠯᠡᠭᠡ ᠬᠠᠨᠭ᠍ᠭᠠᠨ᠂ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠪᠤᠯᠤᠨ ᠡᠮ ᠡᠮᠨᠡᠯᠭᠡ᠂ ᠰᠤᠷᠭᠠᠭᠤᠯᠢ ᠳᠤ ᠰᠠᠭᠤᠬᠤ ᠬᠡᠤᠬᠡᠳ ᠲᠤ ᠪᠠᠷ᠎ᠠ ᠪᠤᠯᠬᠤ᠂ ᠨᠢᠯᠠᠬᠰ ᠢ ᠬᠦᠮᠦᠵᠢᠬᠦᠯᠬᠦ ᠵᠡᠷᠭᠡ ᠶᠢ ᠬᠠᠮᠤᠬ ᠶᠡᠭᠡ ᠬᠡᠮᠵᠢᠶ᠎ᠠ ᠪᠠᠷ ᠠᠭᠤᠰᠤᠯᠴᠠᠭᠤᠯᠬᠤ ᠶᠢ ᠪᠡᠶᠡᠯᠡᠬᠦᠯᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号