ᠮᠠᠯᠴᠢᠳ ᠲᠠᠭᠠᠨ ᠲᠤᠰᠠᠯᠠᠭᠰᠠᠨ ᠮᠠᠰᠢᠨ ᠲᠡᠷᠭᠡᠨ ᠠᠩᠭᠢ
ᠨᠡᠶᠢᠲᠡᠯᠡᠭᠰᠡᠨ ᠴᠠᠭ᠄
2021/1/20
     ᠣᠶᠢᠷ᠎ᠠ ᠶᠢᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠠᠩᠭᠢ ᠶᠢᠨ ᠰᠠᠶᠢᠨ ᠳᠤᠷᠠᠴᠤᠳ ᠵᠠᠮ ᠨᠡᠪᠳᠡᠷᠡᠬᠦᠯᠭᠡ ᠮᠠᠭᠤ ᠭᠡᠷ ᠲᠡᠭᠡᠨ ᠬᠠᠷᠢᠬᠤ ᠳᠤ ᠬᠦᠴᠢᠷᠳᠡᠵᠦ ᠪᠠᠶᠢᠭ᠎ᠠ ᠰᠣᠷᠤᠭᠴᠢᠳ ᠢ ᠭᠡᠷ ᠲᠤᠨᠢ ᠬᠦᠷᠭᠡᠵᠦ ᠮᠠᠯᠴᠢᠳ ᠲᠤ ᠳᠦᠭᠦᠮ ᠦᠵᠡᠬᠦᠯᠬᠦ ᠰᠠᠨᠠᠭᠠᠴᠢᠯᠠᠭ᠎ᠠ ᠭᠠᠷᠭᠠᠵᠤ᠂ ᠨᠡᠶᠢᠲᠡ 18 ᠨᠡᠷ᠎ᠡ ᠰᠠᠶᠢᠨ ᠳᠤᠷᠠᠴᠤᠳ 9 ᠬᠡᠭᠡᠷᠡᠯᠡᠨ ᠠᠶᠠᠯᠠᠬᠤ ᠮᠠᠰᠢᠨ ᠲᠡᠷᠭᠡ ᠬᠦᠳᠡᠯᠭᠡᠵᠦ ᠬᠤᠰᠢᠭᠤᠨ ᠲᠥᠪ ᠠᠴᠠ ᠬᠤᠯᠠ ᠪᠠᠶᠢᠭ᠎ᠠ ᠵᠠᠮ ᠲᠦᠭᠵᠢᠷᠡᠨ ᠪᠦᠭᠯᠡᠷᠡᠭᠰᠡᠨ ᠣᠩᠭᠤᠨ ᠠᠭᠤᠯᠠ ᠰᠣᠮᠣᠨ ᠤ ᠶᠡᠭᠡ ᠠᠭᠤᠯᠠ᠂ ᠪᠠᠶᠠᠨᠲᠠᠯ᠎ᠠ ᠪᠠᠯᠭᠠᠰᠤᠨ ᠤ ᠬᠠᠳᠠᠨ ᠬᠤᠰᠢᠭᠤ᠂ ᠬᠤᠲᠠ ᠶᠢᠨ ᠭᠤᠣᠯ ᠵᠡᠷᠭᠡ ᠭᠠᠴᠠᠭᠠᠨ ᠤ 20 ᠰᠤᠷᠤᠭᠴᠢ ᠪᠣᠯᠣᠨ ᠭᠡᠷ ᠤᠨ ᠠᠬᠠᠮᠠᠳ ᠢ ᠭᠡᠷ ᠲᠤᠨᠢ ᠬᠦᠷᠭᠡᠵᠦ ᠥᠭᠴᠡᠢ᠃      ᠣᠶᠢᠯᠠᠭᠠᠭᠰᠠᠨ ᠢᠶᠠᠷ᠂ ᠬᠦᠪᠡᠭᠡᠲᠦ ᠰᠢᠷ᠎ᠠ ᠬᠤᠰᠢᠭᠤᠨ ᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠤ ᠠᠩᠭᠢ ᠶᠢᠨ ᠬᠢᠨ ᠠᠪᠤᠷᠠᠨ ᠲᠤᠰᠠᠯᠠᠬᠤ ᠠᠵᠢᠯᠯᠠᠭ᠎ᠠ ᠶᠢ ᠦᠷᠬᠦᠯᠵᠢ ᠶᠠᠪᠤᠭᠳᠠᠭᠤᠯᠵᠤ᠂ ᠬᠡᠭᠡᠷ᠎ᠡ ᠬᠦᠳᠡᠭᠡ ᠲᠡᠷᠭᠡ ᠤᠨᠤᠭ᠎ᠠ ᠡᠪᠳᠡᠷᠡᠵᠦ ᠰᠠᠭᠠᠳᠠᠭᠰᠠᠨ ᠬᠦᠮᠦᠰ ᠲᠤ ᠲᠤᠰᠠ ᠳᠡᠮ ᠪᠣᠯᠵᠤ᠂ ᠡᠨᠡ ᠡᠪᠦᠯ ᠨᠡᠶᠢᠲᠡ ᠬᠤᠷᠢᠭᠠᠳ ᠤᠳᠠᠭᠠᠨ ᠤ ᠠᠪᠤᠷᠠᠨ ᠲᠤᠰᠠᠯᠠᠬᠤ ᠠᠵᠢᠯᠯᠠᠭ᠎ᠠ ᠥᠷᠨᠢᠬᠦᠯᠵᠡᠢ᠃
 
ᠢᠷᠡᠯᠲᠡ᠄ ᠬᠦᠪᠡᠭᠡᠲᠦ ᠰᠢᠷ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号