ᠡᠬᠡᠯ ᠵᠢᠷ ᠤᠨ ᠮᠠᠯᠴᠢᠨ ᠤ ᠵᠤᠯ ᠵᠢᠷᠭᠠᠯᠳᠤ ᠠᠮᠢᠳᠤᠷᠠᠯ
ᠨᠡᠶᠢᠲᠡᠯᠡᠭᠰᠡᠨ ᠴᠠᠭ᠄
2021/11/11
      ᠪᠠᠶᠠᠨᠳᠠᠯ᠎ᠠ ᠪᠠᠯᠭᠠᠰᠤᠨ ᠤ ᠰᠡᠬᠦᠵᠢ ᠶᠢᠨ ᠭᠤᠤᠯ ᠭᠠᠴᠠᠭ᠎ᠠ ᠪᠠᠷ ᠨᠤᠲᠤᠭᠳᠠᠢ ᠬᠦᠭᠵᠢᠯᠳᠤ᠂ ᠠᠯᠳᠠᠨᠬᠤᠸᠠᠷ ᠤᠨ  ᠬᠢᠨ ᠪᠤᠯ ᠬᠤᠰᠢᠭᠤᠨ ᠤ ᠪᠠᠨ ︽ᠬᠠᠮᠤᠭ ᠭᠤᠶᠤ ᠭᠡᠷ ᠪᠦᠯᠢ︾ ᠪᠠᠷ ᠰᠤᠩᠭᠤᠭᠳᠠᠭᠰᠠᠨ ᠬᠤᠳᠠ ᠤᠰᠤᠨ ᠳᠤ ᠪᠠᠨ ᠳᠠᠭᠤᠷᠢᠶᠠᠯ ᠪᠤᠯᠤᠮᠠᠷ ᠦᠬᠡᠳᠡᠷᠬᠡᠭ ᠠᠮᠢᠳᠤᠷᠠᠯ ᠲᠠᠢ ᠠᠶᠢᠯ ᠶᠤᠮ᠃       ᠬᠦᠳᠡᠭᠡ ᠨᠤᠲᠤᠭ ᠲᠤ ᠪᠠᠨ ᠮᠠᠯᠴᠢᠨ ᠵᠠᠶᠠᠭ᠎ᠠ ᠪᠠᠨ ᠳᠡᠬᠡᠳᠦᠯᠡᠵᠦ᠂ ᠡᠬᠡᠯᠵᠢᠯᠡᠬᠦ ᠳᠦᠷᠪᠡᠨ ᠤᠯᠠᠷᠢᠯ ᠢ ᠠᠷᠢᠭᠤᠨ ᠬᠦᠳᠡᠯᠮᠤᠷᠢ ᠪᠠᠷ ᠢᠶᠠᠨ ᠳᠡᠮᠳᠡᠭᠯᠡᠵᠦ ᠶᠠᠪᠤᠭᠰᠠᠨ ᠬᠦᠭᠵᠢᠯᠳᠤ ᠠᠯᠳᠠᠨᠬᠤᠸᠠᠷ ᠬᠤᠶᠠᠭᠤᠯᠠ ᠪᠠᠨ ᠦᠢ ᠤᠯᠠᠨ ᠡᠬᠡᠯ ᠵᠢᠷ ᠤᠨ ᠮᠠᠯᠴᠢᠨ ᠤ ᠨᠢᠬᠡ ᠪᠤᠯᠪᠠᠴᠦ ᠦᠷ᠎ᠡ ᠬᠡᠦᠬᠡᠳ ᠢᠶᠠᠨ ᠦᠰᠬᠡᠬᠦ᠂ ᠨᠠᠰᠤᠳᠠᠨ ᠢᠶᠠᠨ ᠬᠠᠷᠠᠭᠠᠯᠵᠠᠬᠤ᠂ ᠠᠶᠢᠯ ᠬᠡᠷ ᠢᠶᠠᠨ ᠠᠪᠴᠦ ᠶᠠᠪᠤᠬᠤ᠂ ᠮᠠᠯ ᠰᠦᠷᠦᠭ ᠢᠶᠠᠨ ᠦᠨᠢᠷ ᠦᠰᠬᠡᠬᠦ ᠲᠠᠯ᠎ᠠ ᠪᠠᠷ ᠨᠡᠶᠢᠳᠡ ᠤᠯᠠᠨ ᠳᠤ ᠪᠠᠨ ᠬᠤᠰᠢᠭᠤᠴᠢ ᠪᠤᠯᠬᠤ ᠶᠤᠮ᠃ ᠦᠷ᠎ᠡ ᠬᠡᠦᠬᠡᠳ ᠨᠢ ᠪᠠᠭ᠎ᠠ ᠠᠴᠠ ᠪᠠᠨ ᠡᠬᠢᠯᠡᠵᠦ ᠬᠠᠷᠢᠯᠴᠠᠨ ᠬᠠᠯᠠᠮᠵᠢᠯᠠᠵᠦ᠂ ᠨᠢᠬᠡ ᠨᠢ ᠨᠢᠬᠡ ᠶᠢ ᠪᠠᠨ ᠬᠦᠨᠳᠦᠳᠬᠡᠵᠦ ᠬᠠᠶᠢᠷᠠᠯᠠᠭᠰᠠᠨ ᠰᠠᠶᠢᠨ ᠰᠠᠶᠢᠬᠠᠨ ᠡᠪ ᠨᠠᠶᠢᠷᠳᠠᠢ ᠬᠡᠷ ᠪᠦᠯᠢ ᠶᠢᠨ ᠤᠷᠴᠢᠨ ᠳᠤ ᠤᠬᠠᠭᠠᠵᠢᠨ ᠲᠤᠮᠤᠭᠠᠵᠢᠵᠦ᠂ ᠰᠤᠷᠤᠯᠭ᠎ᠠ ᠬᠢᠴᠢᠶᠡᠯ ᠳᠤ ᠪᠠᠨ ᠴᠤ ᠤᠨᠴᠠ ᠰᠠᠶᠢᠨ ᠪᠠᠶᠢᠵᠦ᠂ ᠬᠡᠦᠬᠡᠨ ᠨᠢ ᠠᠩᠬ᠎ᠠ ᠳᠤᠮᠳᠠ ᠪᠠᠨ ᠳᠡᠬᠦᠰᠦᠬᠡᠳ ᠰᠢᠯᠢᠳᠡᠭ ᠬᠢᠷᠢ ᠪᠦᠳᠦᠮᠵᠢ ᠪᠠᠷ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠳᠤ ᠰᠢᠯᠭᠠᠭᠳᠠᠨ ᠤᠷᠤᠵᠦ᠂ ᠨᠢᠳᠤᠨᠤᠨ ᠵᠢᠯ 600 ᠭᠠᠷᠤᠢ ᠬᠤᠪᠢ ᠪᠠᠷ ᠭᠢᠷᠢᠨ ᠮᠤᠵᠢ ᠶᠢᠨ ᠶᠡᠭᠡ ᠰᠤᠷᠭᠠᠭᠤᠯᠢ ᠶᠢᠨ ᠮᠦᠩᠬᠦᠨ ᠬᠦᠢᠯᠬᠡᠬᠡᠨ ᠤ ᠰᠠᠯᠪᠤᠷᠢ ᠳᠤ ᠳᠠᠪᠰᠢᠨ ᠤᠷᠤᠭᠰᠠᠨ ᠨᠢ ᠠᠪᠤ ᠡᠵᠢ᠂ ᠠᠬ᠎ᠠ ᠳᠡᠬᠦᠦ ᠳᠦᠷᠦᠯ ᠰᠠᠳᠤᠨ᠂ ᠨᠤᠲᠤᠭ ᠤᠰᠤᠨ ᠤ ᠪᠠᠨ ᠤᠮᠤᠭᠰᠢᠯ ᠪᠤᠯᠤᠭᠰᠠᠨ ᠶᠤᠮ᠃ ︽ᠬᠡᠷ ᠪᠦᠯᠢ ᠪᠤᠯ ᠬᠡᠦᠬᠡᠳ ᠤᠨ ᠠᠩᠬᠠᠨ ᠤ ᠰᠤᠷᠭᠠᠭᠤᠯᠢ᠂ ᠠᠪᠤ ᠡᠵᠢ ᠪᠤᠯ ᠬᠡᠦᠬᠡᠳ ᠤᠨ ᠠᠩᠬᠠᠨ ᠤ ᠪᠠᠭᠰᠢ᠃ ᠰᠠᠶᠢᠨ ᠰᠠᠶᠢᠬᠠᠨ ᠡᠪ ᠨᠠᠶᠢᠷᠳᠠᠢ ᠬᠡᠷ ᠪᠦᠯᠢ ᠶᠢᠨ ᠤᠷᠴᠢᠨ ᠬᠡᠦᠬᠡᠳ ᠤᠨ ᠵᠦᠪ ᠬᠦᠮᠦᠨ ᠪᠤᠯᠬᠤ ᠳᠤ ᠰᠠᠭᠤᠷᠢ ᠪᠤᠯᠬᠤ ᠶᠤᠮ︾ ᠬᠡᠵᠦ ᠬᠦᠭᠵᠢᠯᠳᠤ ᠶᠠᠷᠢᠨ᠎ᠠ᠃ᠡᠳᠡᠬᠡᠷ ᠵᠢᠯ ᠤᠨ ᠳᠤᠷᠰᠢ ᠡᠳᠡᠨᠡᠶᠢᠬᠢᠨ ᠭᠤᠤᠯᠳᠠᠭᠤ ᠮᠢᠬ᠎ᠠ ᠨᠤᠤᠰᠤᠨ ᠤ ᠬᠤᠤᠰ ᠬᠡᠷᠡᠭᠴᠡᠬᠡᠳᠦ ᠦᠨᠳᠤᠷ ᠦᠷ᠎ᠡ ᠠᠰᠢᠭᠳᠤ ᠴᠠᠬᠠᠷ ᠬᠤᠨᠢ ᠮᠠᠯᠵᠢᠬᠤ ᠪᠠᠷ ᠭᠤᠤᠯᠳᠠᠭᠤᠯᠵᠦ᠂ ᠰᠢᠨᠵᠢᠯᠡᠬᠦ ᠤᠬᠠᠭᠠᠨᠴᠢ ᠮᠠᠯᠵᠢᠯ ᠤᠨ ᠠᠷᠭ᠎ᠠ᠂ ᠵᠦᠪ ᠵᠦᠢᠳᠡᠢ ᠠᠷᠠᠴᠢᠯᠠᠯᠭ᠎ᠠ ᠳᠤᠳᠤᠮᠳᠠᠯᠭ᠎ᠠ ᠶᠢᠨ ᠰᠠᠶᠢᠨ ᠢᠶᠠᠷ ᠮᠠᠯ ᠤᠨ ᠢᠶᠠᠨ ᠠᠰᠢᠭ ᠰᠢᠮ᠎ᠡ ᠠᠴᠠ ᠤᠯᠤᠭᠰᠠᠨ ᠤᠷᠤᠯᠭ᠎ᠠ ᠳᠤ ᠪᠠᠨ ᠰᠡᠳᠬᠢᠯ ᠳᠦᠬᠦᠷᠡᠩ ᠶᠠᠪᠤᠳᠠᠭ᠃ ᠡᠨᠡ ᠨᠠᠮᠤᠷ ᠵᠠᠭᠤᠭᠠᠳ ᠬᠤᠷᠠᠭ᠎ᠠ ᠪᠠᠨ ᠳᠡᠭᠰᠢᠳᠬᠡᠭᠡᠳ 1000 ᠳᠦᠬᠦᠷᠢᠭ ᠢᠶᠠᠷ ᠬᠤᠳᠠᠯᠳᠤᠵᠦ᠂ ᠡᠪᠤᠯ ᠵᠠᠭᠤ ᠭᠠᠷᠤᠢ ᠪᠤᠭ ᠮᠠᠯ᠂ ᠭᠤᠴᠢᠭᠠᠳ ᠦᠬᠡᠷ ᠢᠶᠠᠨ ᠡᠪᠤᠯᠵᠢᠬᠦᠯᠬᠦ ᠪᠡᠯᠡᠳᠬᠡᠯ ᠬᠢᠵᠦ᠂ ᠬᠤᠷᠢᠭᠠᠳ ᠲᠤᠨ ᠡᠪᠡᠰᠦ ᠪᠠᠨ ᠨᠢᠬᠡᠨᠳᠡ ᠬᠤᠳᠠᠯᠳᠤᠨ ᠠᠪᠤᠭᠰᠠᠨ ᠮᠦᠷᠳᠡᠬᠡᠨ ᠬᠦᠷᠦᠯᠴᠡᠬᠦᠶᠢᠴᠡ ᠪᠤᠷᠳᠤᠭᠤᠷ ᠢᠶᠠᠨ ᠠᠪᠬᠤ ᠪᠠᠷ ᠴᠤ ᠪᠡᠯᠡᠨ ᠪᠤᠯᠴᠢᠬᠠᠭᠠᠳ ᠪᠠᠶᠢᠭ᠎ᠠ ᠶᠤᠮ᠃ ᠮᠠᠯᠴᠢᠨ ᠬᠦᠭᠵᠢᠯᠳᠤ᠂ ᠠᠯᠳᠠᠨᠬᠤᠸᠠᠷ ᠬᠤᠶᠠᠭᠤᠯᠠ ᠪᠠᠨ ᠡᠨᠡ ᠵᠤᠨ ᠠᠷᠪᠠᠭᠠᠳ ᠳᠦᠮᠡᠨ ᠳᠦᠬᠦᠷᠢᠭ ᠤᠨ ᠪᠡᠯᠡ ᠵᠠᠷᠤᠴᠠᠭᠤᠯᠵᠦ ᠬᠡᠷ ᠢᠶᠠᠨ ᠰᠢᠨ᠎ᠡ ᠪᠠᠷ ᠵᠠᠰᠠᠭᠰᠠᠨ ᠢᠶᠠᠷ ᠬᠦᠳᠡᠭᠡ ᠨᠤᠲᠤᠭ ᠲᠤ ᠪᠠᠨ ᠰᠠᠷᠠᠭᠤᠯ ᠠᠭᠤᠵᠢᠮ᠂ ᠲᠤᠬᠢᠯᠢᠭ ᠰᠠᠶᠢᠬᠠᠨ᠂ ᠰᠢᠨ᠎ᠠ ᠴᠠᠭ ᠤᠨ ᠡᠳ᠋ᠯᠡᠯ ᠬᠡᠷᠡᠭᠰᠡᠯ ᠪᠦᠷᠢᠨ ᠤᠷᠤᠨ ᠰᠠᠭᠤᠴᠠ ᠲᠠᠢ ᠪᠤᠯᠵᠦ᠂ ᠬᠤᠰᠢᠭᠤᠨ ᠳᠦᠪ ᠪᠤᠯᠤᠨ ᠬᠦᠳᠡᠭᠡ ᠪᠠᠨ ᠪᠦᠷ ᠰᠢᠨ᠎ᠠ ᠴᠠᠭ ᠤᠨ ᠤᠨᠴᠠᠯᠢᠭ ᠰᠢᠨᠵᠢ ᠶᠢ ᠬᠠᠷᠠᠭᠤᠯᠤᠭᠰᠠᠨ ᠬᠡᠷ ᠤᠷᠤᠨ ᠰᠠᠭᠤᠴᠠ ᠲᠠᠢ ᠪᠤᠯᠵᠦ᠂ ᠠᠮᠢᠳᠤᠷᠠᠯ ᠦᠢᠯᠡᠳᠪᠤᠷᠢᠯᠡᠯ ᠳᠤ ᠪᠠᠨ ᠤᠯᠠᠮ ᠢᠯᠡᠬᠦᠦ ᠪᠠᠶᠠᠷ ᠪᠠᠭ᠋ᠠᠳᠤᠯ᠂ ᠢᠳᠡᠬᠡᠯ ᠵᠤᠷᠢᠭ ᠲᠠᠢ ᠪᠤᠯᠵᠦ᠂ ᠢᠷᠡᠬᠦ ᠵᠢᠯ ᠪᠠᠰᠠ ᠮᠠᠯᠵᠢᠬᠤ ᠦᠢᠯᠡᠳᠪᠤᠷᠢᠯᠡᠯ ᠤᠨ ᠢᠶᠠᠨ ᠰᠠᠭᠤᠷᠢ ᠪᠦᠳᠦᠬᠡᠨ ᠪᠠᠶᠢᠭᠤᠯᠤᠯᠳᠠ   ᠪᠠᠨ  ᠪᠠᠳᠤᠵᠢᠭᠤᠯᠵᠦ᠂ ᠦᠬᠡᠷ ᠤᠨ ᠬᠤᠷᠤᠭ᠎ᠠ ᠨᠡᠮᠡᠵᠦ ᠪᠠᠷᠢᠬᠤ ᠰᠠᠨᠠᠭ᠎ᠠ ᠲᠠᠢ ᠪᠠᠶᠢᠭ᠎ᠠ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号